
ᠥᠪᠥᠷ ᠮᠣᠩᠭᠤᠯ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ  ᠤ ᠨᠡᠶᠢᠭᠡᠮ ᠤᠨ ᠠᠵᠢᠯ ᠤᠨ ᠴᠢᠳᠠᠪᠣᠷᠢᠲᠠᠨ ᠬᠦᠮᠦᠵᠢᠭᠦᠯᠬᠦ ᠰᠠᠭᠤᠷᠢᠨ ᠭᠠᠵᠠᠷ ᠤᠨ ᠭᠡᠷ᠎ᠡ ᠲᠤᠭᠲᠠᠬᠤ ᠡᠬᠢᠯᠡᠯᠲᠡ ᠶᠢᠨ ᠶᠣᠰᠣᠯᠠᠯ

2019 ᠣᠨ ᠤ 9 ᠰᠠᠷ᠎ᠠ ᠶᠢᠨ10 ᠤ ᠡᠳᠦᠷ᠂ᠥᠪᠥᠷ ᠮᠣᠩᠭᠤᠯ ᠤᠨ ᠶᠡᠭᠡ ᠰᠣᠷᠭᠠᠭᠤᠯᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ︽ᠥᠪᠥᠷ ᠮᠣᠩᠭᠤᠯ ᠤᠨ ᠶᠡᠭᠡ ᠰᠤᠷᠭᠠᠭᠤᠯᠢ ᠬᠢᠭᠡᠳ ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠨᠡᠶᠢᠭᠡᠮ ᠤᠨ ᠠᠵᠢᠯ ᠤᠨ ᠴᠢᠳᠠᠪᠣᠷᠢᠲᠠᠨ ᠬᠦᠮᠦᠵᠢᠭᠦᠯᠬᠦ ᠰᠠᠭᠤᠷᠢᠨ ᠭᠠᠵᠠᠷ︾ ᠤᠨ ᠭᠡᠷ᠎ᠡ ᠲᠣᠭᠲᠠᠬᠤ ᠡᠬᠢᠯᠡᠯᠲᠡ ᠶᠢᠨ ᠶᠣᠰᠤᠯᠠᠯ ᠢ ᠶᠠᠪᠣᠭᠳᠠᠭᠤᠯᠵᠠᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠢᠢ ᠸᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠱᠦᠵᠢ᠂ ᠬᠤᠷᠢᠶᠠᠨ ᠳᠠᠷᠤᠭ᠎ᠠ ᠰᠦᠨ ᠳ᠋ᠧ ᠵᠢᠶᠦ᠋ᠨ ᠲᠠᠢ ᠬᠠᠮᠲᠤ ᠭᠡᠷ᠎ᠡ ᠪᠢᠴᠢᠭ ᠲᠤ ᠭᠠᠷ ᠤᠨ ᠦᠰᠦᠭ ᠵᠢᠷᠤᠵᠤ᠂ ᠬᠠᠮᠲᠤ ᠪᠠᠷ ᠰᠠᠭᠤᠷᠢᠨ ᠭᠠᠵᠠᠷ ᠤᠨ ᠬᠥᠰᠢᠭᠡ ᠶᠢ ᠰᠡᠬᠦᠵᠠᠢ᠃

ᠮᠠᠨ ᠤ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠢᠢ ᠸᠧᠢ ᠶᠣᠰᠤᠯᠠᠯ ᠳᠤ ᠣᠷᠤᠯᠴᠠᠵᠤ ᠶᠠᠷᠢᠶ᠎ᠠ ᠲᠠᠯᠪᠢᠪᠠ᠃

ᠶᠣᠰᠤᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠶᠤᠸᠠᠨ ᠵᠢᠶᠦ᠋ᠨ ᠡᠷᠬᠢᠯᠡᠵᠠᠢ᠃ ᠶᠣᠰᠤᠯᠠᠯ ᠳᠤ ᠪᠠᠰᠠ ᠮᠠᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠯᠪᠠᠨ ᠭᠡᠷ ᠤᠨ ᠡᠷᠬᠢᠯᠡᠭᠴᠢ ᠭᠦᠸ᠋ ᠰᠢ᠂ ᠰᠤᠷᠤᠭᠴᠢ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠹᠧᠩ ᠹᠦ᠋ ᠯᠢᠨ᠂ ᠨᠠᠮ ᠵᠠᠰᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠸᠧᠨ ᠢ ᠭᠠᠩ᠂ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠸᠠᠩ ᠵᠢᠶᠦ᠋ᠨ ᠯᠢᠩ᠂ ᠳᠡᠭᠡᠳᠦ ᠰᠤᠷᠭᠠᠭᠤᠯᠢ ᠶᠢᠨ ᠳᠠᠷᠤᠭ᠎ᠠ ᠠᠯᠲᠠᠨᠪᠤᠯᠠᠭ᠂ ᠳᠡᠳ᠋ ᠳᠠᠷᠤᠭ᠎ᠠ ᠰᠦᠩ ᠶᠤᠸᠠᠢ ᠹᠧᠢ᠂ ᠡᠪᠯᠡᠯ ᠤᠨ ᠡᠭᠦᠷ\ ᠰᠤᠷᠤᠭᠴᠢ ᠶᠢᠨ ᠠᠵᠢᠯ ᠤᠨ ᠠᠯᠪᠠᠨ ᠭᠡᠷ ᠤᠨ ᠰᠦᠷᠲᠠᠢ᠂ ᠨᠡᠶᠢᠭᠡᠮ ᠤᠨ ᠠᠵᠢᠯ ᠤᠨ ᠰᠠᠯᠪᠤᠷᠢ ᠶᠢᠨ ᠡᠷᠬᠢᠯᠡᠭᠴᠢ ᠰᠦᠨ ᠯᠢ ᠮᠢᠨ᠂ ᠸᠠᠩ ᠫᠧᠩ ᠫᠧᠷᠦᠹᠧᠰᠰᠤᠷ᠂ ᠬᠢᠴᠢᠶᠡᠯ ᠬᠦᠮᠦᠵᠢᠯ ᠵᠢᠭᠠᠨ ᠰᠤᠷᠭᠠᠬᠤ ᠰᠢᠨ᠎ᠡ ᠶᠢ ᠡᠭᠦᠳᠬᠦ ᠬᠢᠭᠡᠳ ᠪᠥᠲᠦᠭᠡᠨ ᠪᠠᠶᠢᠭᠤᠯᠤᠯᠲᠠ ᠶᠢᠨ ᠰᠠᠯᠠᠭᠠᠨ ᠳᠠᠷᠤᠭ᠎ᠠ ᠵᠠᠩ ᠰᠢᠶᠥᠥ ᠬᠦᠢ᠂ ᠠᠰᠫᠢᠷᠠᠨᠲ ᠶᠢᠨ ᠬᠦᠷᠢᠶᠡᠯᠡᠩ ᠤᠨ ᠲᠤᠰᠬᠠᠢ ᠮᠡᠷᠭᠡᠵᠢᠯ ᠤᠨ ᠠᠯᠪᠠᠨ ᠭᠡᠷ ᠤᠨ ᠡᠷᠬᠢᠯᠡᠭᠴᠢ ᠶᠤᠤ ᠱᠤ᠋ ᠶᠠᠨ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠠᠯᠪᠠᠨ ᠭᠡᠷ ᠤᠨ ᠡᠷᠬᠢᠯᠡᠭᠴᠢ ᠷᠧᠨ ᠳ᠋ᠢᠩ ᠷᠦᠢ᠂ ᠬᠤᠷᠢᠶᠠᠨ ᠳᠠᠷᠤᠭ᠎ᠠ ᠶᠢᠨ ᠠᠯᠪᠠᠨ ᠭᠡᠷ ᠤᠨ ᠡᠷᠬᠢᠯᠡᠭᠴᠢ ᠡᠦ ᠶᠦᠩ ᠹᠧᠩ᠂ ᠰᠤᠷᠭᠠᠨ ᠬᠦᠮᠦᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ ᠯᠢ ᠰᠢᠦ ᠹᠧᠩ᠂ ᠡᠮᠴᠢᠯᠡᠭᠡᠨ ᠤ ᠨᠡᠶᠢᠭᠡᠮ ᠤᠨ ᠠᠵᠢᠯ ᠤᠨ ᠬᠡᠯᠲᠡᠰ ᠤᠨ ᠠᠯᠪᠠᠨ ᠭᠡᠷ ᠤᠨ ᠡᠷᠬᠢᠯᠡᠭᠴᠢ ᠯᠦ ᠯᠢ ᠫᠢᠩ᠂ ᠮᠡᠳᠡᠷᠡᠯ ᠤᠨ ᠳᠣᠲᠤᠷ ᠰᠠᠯᠠᠭᠠᠨ ᠤ ᠡᠷᠬᠢᠯᠡᠭᠴᠢ ᠵᠤ᠋ ᠷᠦᠨ ᠰᠢᠤ᠂ ᠬᠠᠪᠤᠳᠠᠷ ᠤᠨ ᠳᠣᠲᠤᠷ ᠰᠠᠯᠠᠭᠠᠨ ᠤ ᠳᠡᠳ᠋ ᠡᠷᠬᠢᠯᠡᠭᠴᠢ ᠯᠢ ᠬᠦᠢ᠂ ᠬᠡᠦᠬᠡᠳ ᠤᠨ ᠰᠠᠯᠠᠭᠠᠨ ᠤ ᠡᠷᠬᠢᠯᠡᠭᠴᠢ ᠡᠮᠴᠢ ᠢᠦᠢ ᠱᠤᠤ ᠹᠧᠢ ᠪᠣᠯᠤᠨ ᠡᠮᠡᠭᠲᠡᠢ ᠶᠢᠨ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠰᠢᠨ ᠷᠦᠨ ᠯᠢ ᠵᠡᠷᠭᠡ ᠣᠷᠣᠯᠴᠠᠪᠠ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠱᠦᠵᠢ᠂ ᠬᠤᠷᠢᠶᠠᠨ ᠳᠠᠷᠤᠭ᠎ᠠ ᠰᠦᠨ ᠳ᠋ᠧ ᠵᠢᠶᠦ᠋ᠨ ᠫᠧᠷᠦᠹᠧᠰᠰᠤᠷ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠲᠡᠦᠬᠡ ᠶᠢ ᠡᠷᠭᠢᠴᠡᠭᠦᠯᠵᠦ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠡᠮᠨᠡᠯ᠂ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠤ ᠲᠤᠬᠠᠢ ᠲᠠᠨᠢᠯᠴᠠᠭᠤᠯᠬᠤ ᠶᠢᠨ ᠳᠠᠭᠠᠣ ᠡᠮᠨᠡᠯᠭᠡ ᠶᠢᠨ ᠠᠵᠢᠯ ᠤᠨ ᠨᠡᠶᠢᠭᠡᠮ ᠤᠨ ᠠᠵᠢᠯ ᠢ ᠦᠷᠨᠢᠭᠦᠯᠬᠦ ᠲᠤᠬᠠᠢ ᠳᠦᠭᠦᠮ ᠶᠠᠷᠢᠵᠠᠢ᠃ ᠲᠡᠷᠡ ᠡᠮᠴᠢᠯᠡᠭᠡᠨ ᠤ ᠨᠡᠶᠢᠭᠡᠮ ᠤᠨ ᠠᠵᠢᠯ ᠨᠢ ᠡᠮᠨᠡᠯᠭᠡ ᠶᠢᠨ ᠬᠤᠷᠢᠶ᠎ᠠ ᠶᠢᠨ ᠬᠦᠮᠦᠨ ᠵᠦᠢ ᠶᠢᠨ ᠬᠠᠯᠠᠮᠵᠢᠯᠠᠯ ᠢ ᠦᠢᠯᠡᠳᠦᠯᠭᠡᠵᠢᠭᠦᠯᠬᠦ ᠳᠤ ᠴᠢᠬᠤᠯᠠ ᠲᠦᠯᠬᠢᠬᠦ ᠦᠢᠯᠡᠳᠦᠯ ᠲᠠᠢ ᠭᠡᠵᠤ ᠵᠢᠭᠠᠵᠤ ᠭᠠᠷᠭᠠᠵᠠᠢ᠃ ᠲᠡᠷᠡ ᠲᠤᠰ ᠤᠳᠠᠭᠠᠨ ᠤ ᠬᠠᠮᠲᠣᠷᠠᠯᠴᠠᠨ ᠪᠠᠶᠢᠭᠤᠯᠤᠭᠰᠠᠨ ᠴᠢᠳᠠᠪᠤᠷᠢᠲᠠᠨ ᠬᠦᠮᠦᠵᠢᠭᠦᠯᠬᠦ ᠰᠠᠭᠤᠷᠢᠨ ᠭᠠᠵᠠᠷ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠦᠢᠯᠡᠳᠦᠭᠡ ᠶᠢᠨ ᠲᠠᠪᠴᠠᠩ᠂ ᠬᠢᠴᠢᠶᠡᠯ ᠤᠨ ᠰᠡᠳᠤᠪ ᠤᠨ ᠰᠤᠳᠤᠯᠭᠠᠨ ᠤ ᠲᠠᠪᠴᠠᠩ ᠪᠤᠯᠬᠤ ᠶᠢ ᠬᠦᠰᠡᠵᠤ᠂ ᠪᠠᠰᠠ ᠡᠮᠨᠡᠯᠭᠡ ᠶᠢᠨ ᠬᠤᠷᠢᠶ᠎ᠠ ᠠᠪᠤᠷᠠᠨ ᠡᠮᠨᠡᠵᠤ᠂ ᠤᠨᠤᠰᠢᠯᠠᠨ ᠡᠮᠨᠡᠬᠦ ᠶᠢᠨ ᠬᠠᠮᠲᠤ ᠨᠡᠩ ᠰᠠᠶᠢᠨ ᠢᠶᠠᠷ ᠬᠦᠮᠦᠨ ᠵᠦᠢ ᠶᠢᠨ ᠬᠠᠯᠠᠮᠵᠢᠯᠠᠯ ᠢ ᠢᠯᠡᠷᠡᠭᠦᠯᠵᠤ᠂ ᠡᠮᠨᠡᠯᠭᠡ ᠶᠢᠨ ᠬᠤᠷᠢᠶᠠᠨ ᠤ ᠨᠡᠶᠢᠭᠡᠮ ᠤᠨ ᠴᠢᠳᠠᠮᠵᠢ ᠶᠢ ᠪᠠᠳᠠᠷᠠᠭᠤᠯᠵᠤ᠂ ᠨᠡᠩ ᠲᠦᠷᠢᠮᠵᠢᠭᠰᠡᠨ ᠡᠮᠴᠢᠯᠡᠭᠡᠨ ᠤ ᠨᠡᠶᠢᠭᠡᠮ ᠤᠨ ᠠᠵᠢᠯ ᠢ ᠪᠦᠷᠢᠯᠳᠦᠭᠦᠯᠵᠤ᠂ ᠡᠮᠴᠢᠯᠡᠭᠡ ᠶᠢᠨ ᠲᠤᠭᠲᠠᠯᠴᠠᠭ᠎ᠠ ᠶᠢ ᠨᠡᠩ ᠴᠢᠨᠠᠷ ᠲᠠᠢ᠂ ᠬᠠᠯᠠᠭᠤᠮᠰᠤᠭ ᠪᠣᠯᠭᠠᠬᠤ ᠶᠢ ᠬᠦᠰᠡᠵᠡᠢ᠃

ᠮᠠᠨ ᠤ ᠰᠤᠷᠭᠠᠭᠤᠯᠢ ᠶᠢᠨ ᠳᠡᠳ᠋ ᠵᠠᠬᠢᠷᠤᠯ ᠵᠠᠩ ᠵᠢᠢ ᠸᠧᠢ ᠶᠠᠭᠤᠨ ᠤ ᠤᠷᠢᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠤᠷᠲᠤ ᠬᠤᠭᠤᠴᠠᠭᠠᠨ ᠤ ᠲᠤᠷᠰᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠯ᠎ᠡ ᠲᠠᠯ᠎ᠠ ᠶᠢᠨ ᠪᠦᠲᠦᠭᠡᠨ ᠪᠠᠶᠢᠭᠤᠯᠤᠯᠲᠠ ᠬᠦᠭᠵᠢᠯᠲᠡ ᠶᠢ ᠶᠡᠭᠡ ᠬᠦᠴᠦ ᠪᠠᠷ ᠲᠡᠮᠵᠢᠭᠰᠡᠨ ᠳᠤ ᠲᠠᠯᠠᠷᠬᠠᠯ ᠢᠶᠠᠨ ᠲᠡᠪᠰᠢᠭᠦᠯᠵᠠᠢ᠃ ᠲᠡᠷᠡ ᠲᠤᠰ ᠤᠳᠠᠭᠠᠨ ᠤ ᠬᠠᠮᠲᠤᠷᠠᠯᠴᠠᠭ᠎ᠠ ᠨᠢ ᠬᠤᠶᠠᠷ ᠲᠠᠯ᠎ᠠ ᠶᠢᠨ ᠤᠷᠲᠤ ᠬᠤᠭᠤᠴᠠᠭᠠᠨ ᠤ ᠬᠠᠮᠲᠤᠷᠠᠯᠴᠠᠭ᠎ᠠ᠂ ᠬᠠᠷᠢᠯᠴᠠᠨ ᠲᠡᠮᠵᠢᠭᠰᠡᠨ ᠤ ᠰᠠᠭᠤᠷᠢᠨ ᠲᠡᠭᠡᠷᠡᠬᠢ ᠨᠢᠭᠡ ᠤᠳᠠᠭᠠᠨ ᠤ ᠰᠢᠨ᠎ᠡ ᠬᠦᠭᠵᠢᠯᠲᠡ᠂ ᠨᠠᠮ ᠤᠨ ᠠᠷᠪᠠ ᠶᠢᠰᠣᠳᠦᠭᠡᠷ ᠣᠳᠠᠭᠠᠨ ᠤ ᠶᠡᠭᠡ ᠬᠤᠷᠠᠯ ᠳᠤ ᠲᠤᠷᠠᠳᠤᠭᠰᠠᠨ ︿︿ᠡᠷᠡᠭᠦᠯ ᠡᠩᠭᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ﹀﹀  ᠶᠢ ᠲᠤᠭᠤᠰᠢᠯᠠᠭᠤᠯᠬᠤ ᠪᠤᠳᠠᠳᠤ ᠴᠢᠨᠠᠷ ᠲᠠᠢ ᠠᠷᠭ᠎ᠠ ᠪᠠᠷᠢᠯ ᠮᠦᠨ ᠭᠡᠵᠤ ᠵᠢᠭᠠᠵᠤ ᠭᠠᠷᠭᠠᠵᠠᠢ᠃ ᠵᠠᠩ ᠵᠢᠢ ᠸᠧᠢ ᠳᠡᠳ᠋ ᠵᠠᠬᠢᠷᠤᠯ ᠤᠳᠤᠬᠠᠨ ᠳᠤ ᠪᠦᠬᠦ ᠰᠣᠷᠭᠠᠭᠤᠯᠢ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠶᠢᠨ ᠶᠡᠭᠡ ᠰᠤᠷᠭᠠᠭᠤᠯᠢ ᠶᠢ ᠲᠤᠭᠤᠷᠢᠨ ᠪᠠᠶᠢᠴᠠᠭᠠᠭᠰᠠᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠵᠤ᠂ ᠰᠤᠷᠭᠠᠭᠤᠯᠢ ᠶᠢᠨ ︿︿ᠬᠤᠣᠰ ᠲᠡᠷᠢᠭᠦᠨ ᠤ ᠪᠦᠲᠦᠭᠡᠨ ᠪᠠᠶᠢᠭᠤᠯᠤᠯᠲᠠ﹀﹀ ᠪᠦᠲᠦᠭᠡᠨ ᠪᠠᠶᠢᠭᠤᠯᠤᠯᠲᠠ ᠪᠠ ︿︿ᠰᠣᠷᠭᠠᠨ ᠬᠦᠮᠦᠵᠢᠯ ᠤᠨ ᠶᠠᠮᠤᠨ ᠪᠣᠯᠣᠨ ᠦᠪᠡᠷᠲᠡᠭᠡᠨ ᠵᠠᠰᠠᠬᠤ ᠣᠷᠣᠨ ᠤ ᠬᠠᠮᠲᠤ ᠪᠠᠷ ᠪᠠᠶᠢᠭᠤᠯᠤᠯ﹀﹀ ᠢ ᠲᠦᠯᠬᠢᠨ ᠠᠬᠢᠭᠤᠯᠵᠤ ᠪᠤᠢ ᠭᠡᠵᠤ ᠲᠠᠨᠢᠯᠴᠠᠭᠤᠯᠤᠯ᠎ᠠ᠃ ᠶᠤᠰᠤᠯᠠᠯ ᠲᠡᠭᠡᠷ᠎ᠡ᠂ ᠵᠠᠩ ᠸᠧᠢ ᠵᠢᠢ ᠳᠡᠳ᠋ ᠵᠠᠬᠢᠷᠤᠯ ᠲᠤᠰ ᠣᠳᠠᠭᠠᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠣᠷᠠᠭᠰᠠᠨ ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ ᠴᠢᠨᠠᠷ ᠴᠢᠨᠰᠠᠭ᠎ᠠ ᠵᠡᠷᠭᠡ ᠲᠠᠯ᠎ᠠ ᠶᠢᠨ ᠠᠵᠢᠯ ᠳᠤ ᠭᠦᠢᠴᠡᠳ ᠨᠤᠲᠠᠯᠠᠯᠲᠠ ᠬᠢᠵᠠᠢ᠃ ᠲᠡᠷᠡ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠬᠤᠶᠠᠷ ᠲᠠᠯ᠎ᠠ ᠪᠠᠷ ᠢᠶᠠᠨ ᠤᠯᠠᠨ ᠰᠤᠳᠤᠯᠭᠠᠨ ᠤ ᠲᠦᠷᠦᠯ᠂ ᠦᠷᠭᠡᠨ ᠬᠦᠷᠢᠶ᠎ᠡ ᠬᠡᠪᠴᠢᠶ᠎ᠠ ᠪᠦᠬᠦᠢ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠤᠯᠠᠮ ᠨᠢᠭᠡ ᠠᠯᠬᠤᠮ ᠤᠨ ᠭᠦᠨᠵᠡᠭᠡᠢ ᠬᠠᠮᠲᠤᠷᠠᠯᠴᠠᠭ᠎ᠠ ᠶᠢ ᠡᠷᠬᠢᠯᠡᠵᠤ᠂ ᠦᠪᠦᠷ ᠮᠤᠩᠭᠤᠯ ᠤᠨ ᠶᠡᠭᠡ ᠰᠣᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠴᠢᠯᠡᠭᠡ ᠪᠠ ᠰᠤᠶᠤᠯ ᠤᠨ ᠤᠯᠠᠮᠵᠢᠯᠠᠯ ᠵᠡᠷᠭᠡ ᠲᠠᠯ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠬᠤ ᠤᠷᠤᠨ ᠤ ᠡᠮ ᠡᠮᠨᠡᠯᠭᠡ᠂ ᠨᠡᠶᠢᠭᠡᠮ ᠤᠨ ᠠᠵᠢᠯ ᠤᠨ ᠬᠦᠭᠵᠢᠯᠲᠠ ᠶᠢ ᠠᠬᠢᠭᠤᠯᠵᠤ᠂ ᠤᠯᠤᠰ ᠤᠨ ᠤᠮᠠᠷᠠᠲᠤ ᠬᠢᠯᠢ ᠶᠢᠨ ᠡᠶ᠎ᠡ ᠵᠤᠬᠢᠴᠠᠩᠭᠤᠢ᠂ ᠲᠤᠭᠲᠠᠪᠤᠷᠢᠲᠠᠢ ᠪᠠᠶᠢᠬᠤ ᠶᠢᠨ ᠲᠦᠯᠦᠭᠡ ᠦᠢᠯᠡᠴᠢᠯᠡᠵᠤ ᠠᠷᠠᠳ ᠲᠦᠮᠡᠨ ᠤ ᠵᠤᠯ ᠵᠢᠷᠭᠠᠯ ᠪᠠ ᠡᠷᠡᠭᠦᠯ ᠴᠢᠭᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠡᠢ᠃

 