ᠨᠠᠰᠤᠨᠪᠠᠶᠠᠷ

1 ᠲᠤᠪᠴᠢ ᠲᠠᠨᠢᠯᠴᠠᠭᠤᠯᠭ᠎ᠠ

ᠨᠡᠷ᠎ᠡ᠄ ᠨᠠᠰᠤᠨᠪᠠᠶᠠᠷ

ᠬᠦᠢᠰᠦ᠄ ᠡᠷᠡᠭᠳᠡᠢ

ᠦᠨᠳᠦᠰᠦᠳᠡᠨ᠄ ᠮᠤᠩᠭᠤᠯ ᠦᠨᠳᠦᠰᠦᠳᠡᠨ

ᠲᠦᠷᠦᠭᠰᠡᠨ ᠴᠠᠭ᠄ 1963 ᠤᠨ ᠤ 4 ᠰᠠᠷ᠎ᠠ

ᠲᠦᠷᠦᠭᠰᠡᠨ ᠨᠤᠳᠤᠭ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠠᠱᠠ ᠠᠶᠢᠮᠠᠭ

ᠡᠷᠳᠡᠮ ᠤᠨ ᠵᠡᠷᠭᠡ᠄ ᠳ᠋ᠤᠺᠲ᠋ᠤᠷ

ᠮᠡᠷᠭᠡᠵᠢᠯ ᠤᠨ ᠴᠤᠯᠠ᠄ ᠫᠷᠤᠹᠧᠰᠰᠤᠷ

2 ᠲᠤᠪᠴᠢ ᠨᠠᠮᠳᠠᠷ

1980-1984 ᠤᠨ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠰᠠᠯᠪᠤᠷᠢ ᠳᠤ ᠰᠤᠷᠤᠯᠴᠠᠵᠠᠢ᠃

1984-1987 ᠤᠨ ᠳᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠰᠠᠯᠪᠤᠷᠢ ᠶᠢᠨ ᠭᠠᠳᠠᠭᠠᠳᠤ ᠶᠢᠨ ᠤᠷᠡᠨ ᠵᠤᠬᠢᠶᠠᠯ ᠤᠨ ᠲᠤᠰᠬᠠᠢ ᠮᠡᠷᠬᠡᠵᠢᠯ ᠤᠨ ᠠᠰᠫᠢᠷᠠᠨᠲ ᠢᠶᠠᠷ ᠰᠤᠷᠤᠯᠴᠠᠵᠠᠢ᠃

1995-1999 ᠤᠨ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠰᠠᠯᠪᠤᠷᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠴᠢᠭᠯᠡᠯ ᠤᠨ ᠳ᠋ᠤᠺᠲ᠋ᠤᠷᠠᠨᠲ ᠢᠶᠠᠷ ᠰᠤᠷᠤᠯᠴᠠᠵᠠᠢ᠃

1987.8-1999.12 ᠰᠠᠷ᠎ᠠ ᠳᠤ᠂ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠬ᠎ᠠ ᠵᠤᠬᠢᠶᠠᠯ ᠰᠤᠳᠤᠯᠬᠤ ᠭᠠᠵᠠᠷ ᠤᠨ ᠲᠤᠰᠠᠯᠠᠭᠴᠢ ᠰᠤᠳᠤᠯᠤᠭᠠᠴᠢ᠂ ᠲᠠᠳ᠋ ᠰᠤᠳᠤᠯᠤᠭᠠᠴᠢ ᠪᠠᠷ ᠠᠵᠢᠯᠠᠯᠠᠵᠢ᠃

2000.1-2007.6 ᠰᠠᠷ᠎ᠠ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠠᠤᠯᠢ ᠶᠢᠨ ᠮᠤᠩᠭᠤᠯ ᠰᠤᠶᠤᠯ ᠰᠤᠳᠤᠯᠬᠤ ᠭᠠᠵᠠᠷ᠂ ᠤᠭᠰᠠᠭᠠᠳᠠᠨ ᠵᠦᠢ ᠶᠢᠨ ᠰᠠᠯᠪᠤᠷᠢ ᠶᠢᠨ ᠲᠠᠳ᠋ ᠰᠤᠳᠤᠯᠤᠭᠠᠴᠢ᠂ ᠲᠠᠳ᠋ ᠫᠷᠤᠹᠧᠰᠰᠤᠷ᠂ ᠫᠷᠤᠹᠧᠰᠰᠤᠷ ᠢᠶᠠᠷ ᠠᠵᠢᠯᠯᠠᠵᠠᠢ᠃

2007.6- ᠤᠳᠤ ᠪᠤᠯᠳᠠᠯ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠳᠠᠨ ᠵᠦᠢ ᠨᠡᠶᠢᠬᠡᠮ ᠵᠦᠢ ᠶᠢᠨ ᠲᠡᠭᠡᠳᠦ ᠰᠤᠷᠭᠠᠭᠤᠯᠢ ᠶᠢᠨ ᠫᠷᠤᠹᠧᠰᠰᠤᠷ ᠢᠶᠠᠷ ᠠᠵᠢᠯᠯᠠᠵᠤ ᠪᠠᠶᠢᠨ᠎ᠠ᠃

3 ᠬᠠᠪᠰᠤᠷᠭᠠᠭᠰᠠᠨ ᠬᠠᠷᠢᠭᠤᠴᠠᠭᠰᠠᠨ ᠠᠵᠢᠯ

ᠲᠤᠮᠳᠠᠳᠤ ᠤᠯᠤᠰ ᠤᠨ ᠤᠭᠰᠠᠭᠠᠳᠠᠨ ᠵᠦᠢ ᠶᠢᠨ ᠡᠷᠳᠡᠮ ᠰᠢᠵᠢᠯᠡᠭᠡᠨ ᠤ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ︔

ᠰᠤᠷᠭᠠᠨ ᠬᠦᠮᠦᠵᠢᠯ ᠤᠨ ᠶᠠᠮᠤᠨ ᠤ ᠶᠡᠭᠡ ᠲᠡᠭᠡᠳᠦ ᠰᠤᠷᠭᠠᠭᠤᠯᠢ ᠶᠢᠨ ᠤᠭᠰᠠᠭᠠᠳᠠᠨ ᠵᠦᠢ ᠶᠢᠨ ᠵᠢᠭᠠᠨ ᠰᠤᠷᠭᠠᠯᠳᠠ ᠶᠢᠨ ᠵᠢᠯᠤᠭᠤᠳᠬᠤ ᠵᠦᠪᠯᠡᠯ ᠤᠨ ᠬᠡᠰᠢᠬᠦᠨ︔

ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠰᠠᠩ ᠤᠨ ᠰᠢᠨᠵᠢᠯᠡᠬᠦ ᠤᠬᠠᠭᠠᠨ ᠤ ᠰᠠᠯᠪᠤᠷᠢ ᠶᠢᠨ ᠲᠦᠯᠦᠪᠵᠢᠭᠦᠯᠬᠦ ᠬᠢᠨᠡᠨ ᠲᠤᠭᠳᠠᠭᠠᠬᠤ ᠲᠤᠭᠤᠶᠢᠯᠠᠩ ᠤᠨ ᠲᠤᠰᠬᠠᠢ ᠮᠡᠷᠭᠡᠵᠢᠯᠳᠡᠨ︔

《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠬᠦᠯ》 (ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠬᠡᠪᠯᠡᠯ) ᠤᠨ ᠨᠡᠠᠶᠢᠷᠠᠭᠤᠯᠬᠤ ᠺᠤᠮᠢᠰ ᠤᠨ ᠬᠡᠰᠢᠬᠦᠨ︔

4 ᠰᠤᠳᠤᠯᠭᠠᠨ ᠤ ᠲᠦᠰᠦᠯ᠄

(1) 2009-2011 ᠤᠨ ᠳᠤ᠂ ᠰᠤᠷᠭᠠᠨ ᠬᠦᠮᠦᠵᠢᠯ ᠤᠨ ᠶᠠᠮᠤᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠭᠤᠤᠯᠳᠠᠯᠭᠠᠳᠤ ᠰᠤᠳᠤᠯᠭᠠᠨ ᠤ ᠰᠠᠭᠤᠷᠢ ᠲᠦᠰᠦᠯ ᠪᠤᠯᠬᠤ 《ᠰᠢᠨᠵᠢᠯᠲᠡ ᠶᠢᠨ ᠦᠶ᠎ᠡ ᠶᠢᠨ ᠦᠨᠳᠦᠰᠦᠨ ᠤ ᠤᠨᠤᠯ ᠪᠠ ᠦᠨᠳᠦᠰᠦᠲᠡᠨ ᠤ ᠬᠠᠤᠯᠢ ᠳᠦᠷᠢᠮ ᠵᠢᠴᠢ ᠲᠡᠭᠦᠨ ᠤ ᠦᠢᠯᠡᠳᠦᠯᠭᠡ ᠶᠢᠨ ᠤᠨᠤᠯ ᠤᠨ ᠡᠷᠭᠢᠴᠡᠭᠦᠯᠦᠯ》 ᠢ ᠭᠤᠤᠯᠯᠠᠨ ᠪᠡᠶᠡᠯᠡᠬᠦᠯᠵᠡᠢ᠃

(2) 2009-2010 ᠤᠨ ᠳᠤ᠂ ᠠᠮᠧᠷᠢᠺᠠ ᠶᠢᠨ ᠹᠦᠷᠳ᠋ ᠰᠠᠩ ᠤᠨ ᠲᠦᠰᠦᠯ 《ᠦᠪᠦᠷ ᠮᠤᠩᠭᠤᠯ ᠤᠨ ᠮᠠᠯᠵᠢᠬᠤ ᠤᠷᠤᠨ ᠳᠠᠬᠢ ᠦᠢᠯᠡᠳᠪᠦᠷᠢ ᠠᠭᠤᠷᠬᠠᠢ ᠶᠢᠨ ᠨᠡᠬᠡᠬᠡᠨ ᠠᠰᠢᠭᠯᠠᠯᠳᠠ ᠠᠴᠠ ᠨᠡᠶᠢᠬᠡᠮ ᠠᠵᠤ ᠠᠬᠤᠢ ᠪᠠᠶᠢᠭᠠᠯᠢ ᠤᠷᠴᠢᠨ ᠳᠤ ᠦᠭᠭᠦᠭᠰᠡᠨ ᠨᠦᠯᠦᠭᠡᠨ ᠤ ᠲᠤᠰᠬᠠᠯ》 ᠬᠡᠬᠦ ᠲᠦᠰᠦᠯ ᠳᠠᠬᠢ 《ᠨᠡᠶᠢᠬᠡᠮ ᠰᠤᠶᠤᠯ ᠳᠤ ᠦᠭᠭᠦᠭᠰᠡᠨ ᠨᠦᠯᠦᠭᠡᠨ ᠤ ᠲᠤᠰᠬᠠᠯ》 ᠭᠡᠳᠡᠭ ᠳᠡᠳ᠋ ᠰᠡᠳᠦᠪ ᠢ ᠬᠠᠷᠢᠭᠤᠴᠠᠨ ᠪᠡᠶᠡᠯᠡᠬᠦᠯᠵᠡᠢ᠃

(3) 2011-2012 ᠤᠨ ᠳᠤ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠶᠢᠳᠠᠯᠭ᠎ᠠ ᠲᠠᠢ ᠲᠦᠰᠦᠯ 《ᠦᠢᠯᠡᠳᠪᠦᠷᠢ ᠠᠭᠤᠷᠬᠠᠢ  ᠶᠢᠨ ᠨᠡᠬᠡᠬᠡᠨ ᠠᠰᠢᠭᠯᠠᠯᠳᠠ ᠠᠴᠠ ᠦᠪᠦᠷ ᠮᠤᠩᠭᠤᠯ ᠤᠨ ᠮᠠᠯᠵᠢᠬᠤ ᠤᠷᠤᠨ ᠤ ᠠᠵᠤ ᠠᠬᠤᠢ ᠨᠡᠶᠢᠬᠡᠮ ᠰᠤᠶᠤᠯ ᠳᠤ ᠦᠭᠭᠦᠭᠰᠡᠨ ᠨᠦᠯᠦᠭᠡ ᠲᠤᠰᠬᠠᠯ》 ᠢ ᠭᠤᠤᠯᠯᠠᠨ ᠪᠡᠶᠡᠯᠡᠬᠦᠯᠵᠡᠢ᠃

(4) 2012-2015 ᠤᠨ ᠳᠤ᠂ ᠤᠯᠠᠨ ᠤᠯᠤᠰ ᠤᠨ ᠬᠠᠮᠳᠤᠷᠠᠯᠴᠠᠭᠠᠨ ᠤ ᠲᠦᠰᠦᠯ(ᠺᠠᠮᠪᠠᠷᠢᠵᠠ ᠶᠡᠭᠡ ᠰᠤᠷᠭᠠᠭᠤᠯᠢ) 《Where Rising Powers meet: China and Russia at their north Asian border》 ᠢ ᠪᠠᠶᠡᠯᠡᠬᠦᠯᠵᠡᠢ᠃

(5) 2013-2016 ᠤᠨ ᠳᠤ᠂ ᠤᠯᠠᠨ ᠤᠯᠤᠰ ᠤᠨ ᠬᠠᠮᠳᠤᠷᠠᠯᠴᠠᠭᠠᠨ ᠤ ᠲᠦᠰᠦᠯ (ᠺᠠᠮᠪᠠᠷᠢᠵᠠ ᠶᠡᠭᠡ ᠰᠤᠷᠭᠠᠭᠤᠯᠢ) 《Etnos and Minzu:The Histories and Politics od Identiy Governance in Eurasia》 ᠶᠢ ᠪᠠᠶᠡᠯᠡᠬᠦᠯᠵᠡᠢ᠃

(6) 2014-2015 ᠤᠨ ᠳᠤ᠂ ᠦᠪᠦᠷ ᠮᠤᠩᠭᠤᠯ ᠤᠨ ᠦᠨᠳᠦᠰᠦᠳᠡᠨ ᠤ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠰᠤᠳᠤᠯᠭᠠᠨ ᠤ ᠢᠨᠵᠧᠨᠧᠷᠢᠩ ᠤᠨ ᠲᠦᠰᠦᠯ 《ᠦᠪᠦᠷ ᠮᠤᠩᠭᠤᠯ ᠤᠨ ᠤᠷᠠᠳ ᠰᠤᠶᠤᠯ ᠤᠨ ᠬᠤᠪᠢᠷᠠᠯᠲᠠ — ᠤᠷᠠᠳ ᠤᠨ ᠲᠤᠮᠳᠠᠳᠤ ᠬᠤᠰᠢᠭᠤᠨ ᠤ ᠲᠦᠭᠦᠷᠢᠭ ᠭᠠᠴᠠᠭ᠎ᠠ ᠪᠠᠷ ᠵᠢᠱᠢᠶᠡᠯᠡᠬᠦ ᠨᠢ》 ᠶᠢ ᠭᠤᠣᠯᠯᠠᠨ ᠪᠡᠶᠡᠯᠡᠬᠦᠯᠵᠡᠢ᠃

5 ᠵᠤᠬᠢᠶᠠᠯ ᠪᠦᠲᠦᠭᠡᠯ (ᠤᠶᠢᠷ᠎ᠠ ᠶᠢᠨ 5 ᠵᠢᠯ)

(1) 《ᠴᠢᠩᠭᠢᠰ ᠬᠠᠭᠠᠨ ᠤ ᠲᠠᠬᠢᠯᠭ᠎ᠠ ᠲᠠᠶᠢᠯᠠᠯᠭ᠎ᠠ ᠶᠢᠨ ᠲᠡᠦᠬᠡᠨ ᠬᠤᠪᠢᠷᠡᠯᠳᠡ ᠬᠢᠭᠡᠳ ᠤᠳᠤᠬᠢ ᠪᠠᠶᠢᠳᠠᠯ》᠂ 《ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠭᠦᠯ》 (ᠬᠢᠲᠠᠳ ᠬᠡᠯᠡ)᠂ 2010 ᠤᠨ ᠤ 2 ᠳ᠋ᠤᠭᠠᠷ ᠬᠤᠭᠤᠴᠠᠭ᠎ᠠ︔

(2) 《ᠦᠪᠦᠷ ᠮᠤᠩᠭᠤᠯ ᠤᠨ ᠤᠳᠤᠬᠢᠴᠢᠯᠡᠯᠳᠡ ᠶᠢᠨ ᠬᠤᠰᠢᠭᠤᠴᠢ ᠶᠢᠨ ᠬᠠᠷᠠᠭᠠᠨ ᠳᠠᠬᠢ ᠨᠡᠬᠦᠳᠡᠯ ᠮᠠᠯᠵᠢᠯ ᠤᠨ ᠨᠡᠶᠢᠬᠡᠮ᠄ ᠭᠤᠤᠯ ᠴᠤᠭᠴᠠᠳᠤ ᠴᠢᠨᠠᠷ ᠤᠨ ᠦᠷᠦᠬᠡᠯᠴᠢᠯᠡᠯᠳᠡ》 (ᠬᠢᠲᠠᠳ ᠬᠡᠯᠡ) ᠭᠡᠳᠡᠭ ᠦᠬᠦᠯᠡᠯ ᠨᠢ 《ᠨᠡᠬᠦᠳᠡᠯ ᠮᠠᠯᠵᠢᠯ ᠤᠨ ᠰᠤᠶᠤᠯ ᠬᠢᠬᠡᠳ ᠲᠠᠷᠢᠶᠠᠯᠠᠩ ᠤᠨ ᠨᠡᠶᠢᠬᠡᠮ》 (ᠴᠢᠮᠡᠳᠳᠤᠷᠵᠢ ᠨᠠᠷ ᠭᠤᠤᠯᠯᠠᠨ ᠨᠠᠶᠢᠷᠠᠭᠤᠯᠪᠠ᠂ ᠬᠠᠷᠠᠮᠦ᠋ᠷᠡᠨ ᠤ ᠠᠷᠠᠳ ᠤᠨ ᠬᠡᠪᠯᠡᠯ ᠤᠨ ᠬᠤᠷᠢᠶ᠎ᠠ᠂ 2010 ᠤᠨ) ᠭᠡᠳᠡᠭ ᠨᠤᠮ ᠳᠤ ᠡᠯᠰᠡᠭᠳᠡᠨ ᠤᠷᠤᠵᠠᠢ︔

(3) 《ᠨᠡᠬᠦᠳᠡᠯ ᠰᠢᠯᠵᠢᠯᠳᠡ᠂ ᠰᠠᠭᠤᠷᠢᠰᠢᠯ ᠮᠠᠯᠵᠢᠯ ᠬᠢᠭᠡᠳ ᠦᠨᠳᠦᠰᠦᠳᠡᠨ ᠤ ᠠᠳᠠᠯᠢᠰᠢᠯ — ᠮᠤᠩᠭᠤᠯ ᠤᠨ ᠦᠨᠳᠦᠷᠯᠢᠭ ᠤᠨ ᠵᠠᠷᠢᠮ ᠲᠡᠦᠬᠡᠨ ᠬᠡᠷᠡᠭ ᠶᠠᠪᠤᠳᠠᠯ ᠢᠶᠠᠷ ᠵᠢᠱᠢᠶᠡᠯᠡᠬᠦ ᠨᠢ》᠂ 《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ  ᠤ ᠰᠡᠳᠬᠦᠯ》᠂ 2011 ᠤᠨ ᠤ 5 ᠳ᠋ᠤᠭᠠᠷ ᠬᠤᠭᠤᠴᠠᠭ᠎ᠠ︔

(4) 《ᠦᠪᠦᠷ ᠮᠤᠩᠭᠤᠯ ᠤᠨ ᠮᠠᠯᠵᠢᠬᠤ ᠤᠷᠤᠨ ᠤ ᠨᠡᠶᠢᠬᠡᠮ ᠤᠨ ᠬᠤᠪᠢᠷᠠᠯᠲᠠ ᠶᠢᠨ ᠰᠤᠳᠤᠯᠤᠯ》 (ᠬᠠᠮᠳᠤᠷᠠᠭᠰᠠᠨ ᠪᠦᠳᠦᠭᠡᠯ)᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 2011 ᠤᠨ (ᠬᠢᠲᠠᠳ ᠬᠡᠯᠡ)︔

(5) 《ᠦᠪᠦᠷ ᠮᠤᠩᠭᠤᠯ ᠤᠨ ᠭᠠᠵᠠᠷ ᠰᠢᠷᠤᠢ ᠶᠢᠨ ᠬᠠᠷᠢᠴᠠᠭᠠᠨ ᠤ ᠬᠤᠪᠢᠷᠡᠯᠳᠡ ᠶᠢ ᠰᠤᠳᠤᠯᠬᠤ ᠨᠢ》᠂ 《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠰᠡᠳᠬᠦᠯ》᠂ 2012 ᠤᠨ ᠤ 4 ᠳ᠋ᠤᠭᠡᠷ ᠬᠤᠭᠤᠴᠠᠭ᠎ᠠ︔

(6) 《ᠤᠯᠠᠭᠠᠨ ᠰᠤᠪᠤᠷᠭ᠎ᠠ ᠠᠴᠠ ᠡᠷ᠎ᠡ ᠪᠡᠯᠭᠡ ᠶᠢᠨ> ᠬᠦᠷᠲᠡᠯ᠎ᠡ᠄ ᠦᠪᠦᠷ ᠮᠤᠩᠭᠤᠯ ᠤᠨ ᠦᠵᠡᠮᠵᠢ ᠶᠢᠨ ᠬᠤᠪᠢᠷᠠᠯᠲᠠ》᠂ 《ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠲᠡ ᠬᠢᠭᠡᠳ ᠴᠦᠭᠡᠨ ᠲᠤᠭᠠᠲᠦ ᠦᠨᠳᠦᠰᠦᠲᠡᠨ ᠶᠢᠨ ᠰᠤᠶᠤᠯ ᠤᠨ ᠬᠤᠪᠢᠷᠠᠯᠲᠠ》᠂ (日本昭和女子大学国际文化研究所纪要),vol.19, 2013︔

(7)“A discourse of civilization/culture and nation/ethnicity in the perspective of Inner Mongolia, China”, Asian Ethnicity, Vol. 15, No. 4, September, 2014, Routledge.

(8)“Nation-building, ethnicity and natural resources:the perspective of an Inner Mongolian coal trucker across the China–Mongolia border”,Inner Asia, No. 16, 2014, Leiden.

  1. ᠱᠠᠩᠨᠠᠯ ᠬᠦᠷᠳᠡᠭᠰᠡᠨ ᠪᠠᠶᠢᠳᠠᠯ

2010 ᠤᠨ ᠳᠤ 《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠰᠢᠯᠢᠳᠡᠭ ᠵᠢᠯᠤᠭᠤᠳᠤᠭᠴᠢ ᠪᠠᠭᠰᠢ》 ᠪᠠᠷ ᠦᠨᠡᠯᠡᠭᠳᠡᠪᠡ︔

2011 ᠤᠨ ᠳᠤ 《ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠲᠡᠷᠢᠬᠦᠨ ᠤ ᠬᠤᠪᠢ ᠬᠦᠮᠦᠨ》  ᠢᠶᠠᠷ ᠦᠨᠡᠯᠡᠭᠳᠡᠪᠡ︔

2012 ᠤᠨ ᠳᠤ 《ᠪᠤᠤ ᠭᠠᠩ> ᠨᠡᠷᠡᠮᠵᠢᠳᠤ ᠰᠢᠯᠢᠳᠡᠭ ᠪᠠᠭᠰᠢ》 ᠶᠢᠨ ᠬᠦᠬᠢᠬᠦᠯᠦᠯ ᠢ ᠬᠦᠷᠳᠡᠪᠡ︔

 