
ᠮᠠᠨ ᠤ ᠳᠡᠭᠡᠳᠦ ᠰᠤᠷᠭᠠᠭᠤᠯᠢ ᠨᠢ 2019 ᠣᠨ ᠤ ᠰᠤᠳᠤᠯᠬᠤ ᠰᠤᠷᠤᠭᠴᠢ ᠶᠢᠨ ᠰᠤᠷᠭᠠᠭᠤᠯᠢ ᠳᠤ ᠣᠷᠤᠬᠤ ᠬᠦᠮᠦᠵᠢᠯ ᠬᠢᠭᠰᠡᠨ ᠨᠢ

2019 ᠣᠨ ᠤ10 ᠰᠠᠷ᠎ᠠ ᠶᠢᠨ18 ᠤ ᠡᠳᠦᠷ ᠤᠨ16 ᠴᠠᠭ 30 ᠮᠢᠨᠦ᠋ᠲ ᠳᠤ᠂ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠬᠤᠶᠢᠲᠤ ᠲᠤᠭᠤᠷᠢᠭ ᠤᠨ ᠶᠡᠷᠦᠩᠬᠡᠶᠢᠯᠡᠭᠰᠡᠨ‌ᠠᠰᠠᠷ ᠤᠨ 412 ᠲᠠᠰᠤᠭ ᠲᠤ ᠣᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠣᠷᠭᠠᠭᠤᠯᠢ ᠶᠢᠨ 2019 ᠣᠨ ᠤ ᠰᠤᠳᠤᠯᠬᠤ ᠰᠤᠷᠣᠭᠴᠢ ᠶᠢᠨ ᠰᠣᠷᠭᠠᠭᠤᠯᠢ ᠳᠤ ᠣᠷᠤᠬᠤ ᠲᠣᠰᠬᠠᠢ ᠰᠡᠳᠦᠪᠲᠦ ᠬᠦᠮᠦᠵᠢᠯ ᠤᠨ ᠬᠤᠷᠠᠯ ᠬᠢᠵᠡᠢ᠃ ᠬᠤᠷᠠᠯ ᠢ ᠸᠠᠩ ᠵᠢᠶᠦ᠋ᠨ ᠯᠢᠩ ᠱᠦᠵᠢ ᠡᠷᠬᠢᠯᠡᠵᠦ᠂ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠵᠢᠯᠣᠭᠤᠳᠣᠭᠴᠢ ᠪᠠᠭᠰᠢ ᠵᠠᠩ ᠴᠢᠶᠦ᠋ᠨ ᠪᠣᠯᠣᠨ2019 ᠣᠨ ᠤ ᠪᠦᠬᠦ ᠰᠣᠳᠤᠯᠬᠤ ᠰᠣᠷᠣᠭᠴᠢᠳ ᠣᠷᠤᠯᠴᠠᠵᠠᠢ᠃

ᠸᠠᠩ ᠵᠢᠶᠦ᠋ᠨ ᠯᠢᠩ ᠱᠦᠵᠢ ᠬᠤᠷᠠᠯ ᠤᠨ ᠴᠢᠬᠤᠯᠠ ᠴᠢᠨᠠᠷ᠂ ᠳᠡᠭᠡᠳᠦ ᠰᠤᠷᠭᠠᠭᠤᠯᠢ ᠶᠢᠨ ᠲᠠᠨᠢᠯᠴᠠᠭᠤᠯᠭ᠎ᠠ᠂ ᠬᠠᠮᠢᠶᠠᠷᠣᠯᠲᠠ ᠪᠠ ᠣᠯᠣᠰ ᠲᠦᠷᠦ ᠦᠵᠡᠯ ᠰᠠᠨᠠᠭ᠎ᠠ ᠶᠢᠨ ᠬᠦᠮᠦᠵᠢᠯ᠂ ᠳᠡᠭᠡᠳᠦ ᠰᠤᠷᠭᠠᠭᠤᠯᠢ ᠶᠢᠨ ᠠᠵᠢᠯ᠂ ᠰᠠᠬᠢᠯᠭ᠎ᠠ ᠪᠠᠲᠤ ᠵᠢᠴᠢ ᠰᠤᠷᠤᠯᠴᠠᠯᠭ᠎ᠠ ᠵᠡᠷᠭᠡ ᠵᠢᠷᠭᠤᠭᠠᠨ ᠲᠠᠯ᠎ᠠ ᠠᠴᠠ ᠲᠤᠶᠢᠮᠤᠴᠢᠯᠠᠨ ᠦᠭᠦᠯᠡᠵᠡᠢ᠃ ᠳᠡᠭᠡᠳᠦ ᠰᠤᠷᠭᠠᠭᠤᠯᠢ ᠶᠢᠨ ᠲᠠᠨᠢᠯᠴᠠᠭᠤᠯᠭ᠎ᠠ ᠶᠢᠨ ᠲᠠᠯ᠎ᠠ ᠳᠤ᠂ ᠳᠡᠭᠡᠳᠦ ᠰᠤᠷᠭᠠᠭᠤᠯᠢ ᠪᠠᠶᠢᠭᠤᠯᠣᠭᠳᠠᠭᠰᠠᠨ ᠲᠡᠥᠬᠡᠨ ᠥᠩᠭᠡᠷᠡᠭᠡᠯᠲᠡ᠂ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠵᠣᠷᠢᠯᠲᠠ᠂ ᠪᠠᠭᠰᠢ ᠶᠢᠨ ᠡᠩᠨᠡᠭᠡ᠂ ᠰᠤᠳᠤᠯᠬᠤ ᠰᠤᠷᠤᠭᠴᠢ ᠳ᠋ᠣᠺᠲ᠋ᠣᠷ ᠰᠢᠯᠭᠠᠬᠤ ᠨᠣᠷᠮ᠎ᠠ ᠪᠣᠯᠣᠨ ᠬᠦᠮᠦᠰ ᠤᠨ ᠦᠯᠢᠭᠡᠷ ᠲᠡᠦᠬᠡ ᠵᠡᠷᠭᠡ ᠶᠢ ᠶᠠᠷᠢᠵᠣ᠂ ᠰᠤᠷᠤᠭᠴᠢᠳ ᠤᠨ ᠮᠠᠨ ᠤ ᠳᠡᠭᠡᠳᠦ ᠰᠤᠷᠭᠠᠭᠤᠯᠢ ᠳᠠᠬᠢ ᠲᠠᠨᠢᠯᠲᠠ ᠶᠢ ᠨᠡᠩ ᠭᠦᠨᠵᠡᠭᠡᠶᠢᠷᠡᠭᠦᠯᠵᠡᠢ᠃ ᠳᠡᠭᠡᠳᠦ ᠰᠤᠷᠭᠠᠭᠤᠯᠢ ᠶᠢᠨ ᠳᠦᠷᠢᠮ ᠲᠣᠭᠲᠠᠭᠠᠯ ᠪᠠ ᠰᠠᠬᠢᠯᠭ᠎ᠠ ᠪᠠᠲᠤ ᠶᠢ ᠴᠢᠬᠤᠯᠠᠴᠢᠯᠠᠵᠤ᠂ ᠰᠤᠷᠤᠭᠴᠢᠳ ᠢ ᠴᠢᠯᠦᠭᠡ ᠭᠤᠶᠣᠬᠤ᠂ ᠴᠢᠯᠦᠭᠡ ᠦᠭᠡᠶᠢᠰᠬᠡᠬᠦ ᠳᠥᠷᠢᠮ ᠢ ᠵᠢᠷᠤᠮᠯᠠᠬᠤ ᠶᠢ ᠠᠩᠬᠠᠷᠤᠭᠤᠯᠵᠤ᠂ ᠬᠢᠴᠢᠶᠡᠯ ᠠᠴᠠ ᠡᠷᠲᠡ ᠪᠣᠴᠠᠬᠤ ᠦᠭᠡᠢ ᠬᠤᠴᠣᠷᠬᠤ ᠦᠭᠡᠢ᠂ ᠬᠢᠴᠢᠶᠡᠯ ᠠᠴᠠ ᠳᠤᠲᠠᠭᠠᠬᠤ ᠦᠭᠡᠢ ᠪᠠᠶᠢᠬᠤ ᠶᠢ ᠰᠡᠷᠡᠮᠵᠢᠯᠡᠭᠦᠯᠵᠠᠢ᠃ ᠰᠣᠷᠣᠭᠴᠢ ᠨᠥᠬᠦᠳ ᠢ ᠢᠯᠡᠭᠦᠬᠡᠨ ᠨᠣᠮ ᠤᠩᠰᠢᠵᠤ᠂ ᠰᠤᠶᠤᠯ ᠮᠡᠳᠡᠯᠭᠡ ᠶᠢ ᠰᠠᠶᠢᠨ ᠰᠤᠷᠤᠯᠴᠠᠵᠤ᠂ ᠨᠡᠶᠢᠭᠡᠮ ᠤᠨ ᠦᠢᠯᠡᠳᠦᠯᠭᠡ ᠳᠤ ᠢᠳᠡᠪᠬᠢᠯᠡᠨ ᠣᠷᠤᠯᠴᠠᠬᠤ ᠶᠢ ᠤᠷᠢᠶᠠᠯᠠᠵᠤ᠂ ᠪᠥᠷᠢᠨ ᠲᠡᠭᠦᠯᠳᠡᠷ᠂ ᠪᠠᠶᠠᠷ ᠬᠥᠷ ᠲᠠᠢ᠂ ᠤᠷᠤᠭᠰᠢᠲᠠᠢ ᠪᠠᠷ ᠰᠤᠳᠤᠯᠬᠤ ᠰᠤᠷᠤᠭᠴᠢ ᠶᠢᠨ ᠠᠮᠢᠳᠤᠷᠠᠯ ᠢᠶᠠᠨ ᠥᠩᠭᠡᠷᠡᠭᠦᠯᠬᠦ ᠶᠢ ᠬᠦᠰᠡᠵᠡᠢ᠃

ᠬᠠᠮᠤᠭ ᠡᠴᠦᠰ ᠲᠤ᠂ ᠸᠠᠩ ᠱᠦᠵᠢ ᠲᠣᠰ ᠤᠳᠠᠭᠠᠨ ᠤ ᠰᠣᠷᠭᠠᠭᠤᠯᠢ ᠳᠤ ᠣᠷᠤᠬᠤ ᠲᠤᠰᠬᠠᠢ ᠰᠡᠳᠦᠪᠲᠦ ᠬᠦᠮᠦᠵᠢᠯ ᠤᠨ ᠬᠤᠷᠠᠯ ᠳᠤ ᠳ᠋ᠦᠩᠨᠡᠯᠲᠡ ᠬᠢᠵᠦ᠂ ᠰᠤᠷᠤᠭᠴᠢᠳ ᠲᠤ ᠴᠢᠩ ᠰᠡᠳᠬᠢᠯ ᠤᠨ ᠬᠦᠰᠡᠯ ᠡᠷᠡᠮᠡᠯᠵᠡᠯ ᠢᠶᠠᠨ ᠲᠠᠯᠪᠢᠵᠠᠢ᠃ ᠠᠳᠡ ᠬᠦᠷᠦᠭᠡᠳ ᠣᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ 2019 ᠣᠨ ᠤ ᠰᠣᠳᠤᠯᠬᠤ ᠰᠤᠷᠤᠭᠴᠢ ᠶᠢᠨ ᠰᠤᠷᠭᠠᠭᠤᠯᠢ ᠳᠤ ᠣᠷᠤᠬᠤ ᠲᠣᠰᠬᠠᠢ ᠰᠡᠳᠦᠪᠲᠦ ᠬᠦᠮᠦᠵᠢᠯ ᠤᠨ ᠬᠤᠷᠠᠯ ᠠᠮᠵᠢᠯᠲᠠ ᠲᠠᠢ ᠥᠨᠳᠦᠷᠯᠡᠯ᠎ᠡ᠃

 