
ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠤᠯ ᠰᠡᠳᠤᠪᠲᠤ ᠰᠤᠷᠭᠠᠨ ᠬᠦᠮᠦᠵᠢᠯ—ᠪᠠᠭᠰᠢ ᠠᠵᠢᠯᠲᠠᠨ ᠤ ᠨᠠᠮ ᠤᠨ ᠡᠭᠦᠷ ᠤᠨ ᠱᠦᠵᠢ ᠪᠠ ᠪᠠᠭᠰᠢ ᠰᠣᠷᠣᠭᠴᠢ ᠵᠢᠨ‌‍ᠰᠠᠭᠤᠳᠠᠯ ᠤᠨ ᠬᠤᠷᠠᠯ

ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠲᠤ ᠰᠤᠷᠭᠠᠭᠤᠯᠢ ᠶᠢᠨ ᠪᠠᠭᠰᠢ ᠠᠵᠢᠯᠲᠠᠨ ᠤ ᠨᠠᠮ ᠤᠨ ᠡᠭᠦᠷ ᠤᠨ ᠱᠦᠵᠢ ᠤᠶᠤᠨᠪᠢᠯᠢᠭ᠌ ᠳᠡᠳ᠋ ᠫᠷᠤᠹᠧᠰᠰᠤᠷ 2019ᠤᠨ ᠤ 10 ᠰᠠᠷ᠎ᠠ ᠶᠢᠨ 12 ᠤ ᠡᠳᠦᠷ ᠪᠠᠭᠰᠢ ᠰᠤᠷᠤᠭᠴᠢ ᠶᠢᠨ ᠲᠦᠯᠦᠭᠡᠯᠡᠭᠴᠢᠳ ᠲᠠᠢ ᠰᠠᠭᠤᠳᠠᠯ ᠤᠨ ᠬᠤᠷᠠᠯ ᠬᠢᠵᠤ᠂ ᠪᠠᠭᠰᠢ ᠰᠤᠷᠤᠭᠴᠢ ᠶᠢᠨ ᠬᠠᠯᠠᠮᠵᠢᠯᠠᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠬᠦᠴᠢᠷᠳᠡᠯ ᠢ ᠭᠦᠨᠵᠡᠭᠡᠢ ᠤᠶᠢᠯᠠᠭᠠᠭᠰᠠᠨ ᠪᠠᠶᠢᠨ᠎ᠠ᠃

ᠬᠤᠷᠠᠯ ᠳᠤ ᠣᠷᠣᠯᠴᠠᠭᠰᠠᠳ ᠴᠦᠮ ᠰᠠᠨᠠᠯ ᠰᠠᠨᠠᠭᠤᠯᠭ᠎ᠠ ᠪᠠᠨ ᠲᠤᠷᠠᠳᠴᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠦᠷᠦ᠂ ᠤᠤᠭᠤᠬᠤ ᠤᠰᠤᠨ ᠤ ᠠᠰᠠᠭᠤᠳᠠᠯ᠂ ᠬᠢᠴᠢᠶᠡᠯ ᠤᠨ ᠲᠤᠬᠢᠷᠠᠭᠤᠯᠭ᠎ᠠ᠂ ᠠᠮᠤᠷ ᠲᠦᠪᠰᠢᠨ ᠤ ᠰᠤᠷᠭᠠᠨ ᠬᠦᠮᠦᠵᠢᠯ ᠵᠡᠷᠭᠡ ᠪᠠᠭᠰᠢ ᠰᠤᠷᠤᠭᠴᠢ ᠶᠢᠨ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠠᠰᠠᠭᠤᠳᠠᠯ ᠢ ᠴᠦᠮ ᠶᠠᠷᠢᠵᠠᠢ᠃

 