ᠣᠶᠤᠲᠠᠳ ᠤᠨ ᠣᠯᠣᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠴᠢᠩᠭᠠᠳᠬᠠᠵᠤ᠂ ᠣᠯᠣᠰ ᠣᠷᠣᠨ ᠢᠶᠠᠨ ᠬᠥᠭᠵᠢᠨ ᠮᠠᠨᠳᠤᠭᠤᠯᠬᠤ ᠵᠣᠷᠢᠭ ᠢ ᠬᠥᠪᠴᠢᠯᠡᠵᠦ᠂᠂ ᠳᠤᠮᠳᠠᠳᠤ ᠶᠢᠨ ᠬᠦᠰᠡᠯᠡᠩ ᠢ ᠪᠡᠶᠡᠯᠡᠭᠦᠯᠬᠦ ᠰᠢᠷᠭᠠᠭᠤ ᠴᠢᠷᠮᠠᠶᠢᠯᠭ᠎ᠠ ᠶᠢ ᠪᠠᠳᠠᠷᠠᠭᠤᠯᠬᠤ ᠶᠢᠨ ᠡᠭᠦᠳᠡᠨ ᠠᠴᠠ 3.11 ᠤ ᠥᠷᠯᠦᠭᠡ ᠶᠢᠨ 7 ᠴᠠᠭ ᠲᠤ ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠳᠦ ᠰᠤᠷᠭᠠᠭᠤᠯᠢ ᠶᠢᠨ ᠪᠦᠬᠦ ᠨᠥᠬᠦᠳ ᠰᠤᠤᠳᠤ ᠠᠰᠠᠷ ᠤᠨ ᠡᠭᠦᠳᠡᠨ ᠳᠡᠭᠡᠷ᠎ᠡ ᠤᠯᠤᠰ ᠤᠨ ᠲᠤᠭ ᠮᠠᠨᠳᠤᠭᠤᠯᠬᠤ ᠶᠣᠰᠤᠯᠠᠯ ᠢ ᠶᠠᠪᠤᠭᠳᠠᠭᠤᠯᠪᠠ᠃ ᠲᠤᠰ ᠤᠳᠠᠭᠠᠨ ᠤ ᠶᠣᠰᠤᠯᠠᠯ ᠢ ᠡᠪᠯᠡᠯ ᠤᠨ ᠡᠭᠦᠷ ᠢ ᠬᠠᠷᠢᠭᠤᠴᠠᠭᠴᠢ ᠰᠦᠷᠲᠡᠢ ᠪᠠᠭᠰᠢ ᠠᠴᠠ ᠬᠦᠲᠦᠯᠵᠦ᠂ ᠪᠦᠬᠦ ᠪᠠᠭᠰᠢ ᠰᠣᠷᠣᠭᠴᠢ ᠨᠠᠷ ᠶᠣᠰᠤᠯᠠᠯ ᠳᠤ ᠣᠷᠣᠯᠴᠠᠭᠰᠠᠨ ᠪᠠᠶᠢᠨ᠎ᠠ᠃
ᠲᠤᠭ ᠮᠠᠨᠳᠤᠭᠤᠯᠬᠤ ᠶᠣᠰᠤᠯᠠᠯ ᠥᠷᠯᠦᠭᠡ ᠶᠢᠨ ᠮᠠᠨᠳᠤᠬᠤ ᠨᠠᠷᠠᠨ ᠲᠠᠢ ᠬᠠᠮᠲᠤ ᠪᠠᠷ ᠰᠦᠷᠲᠠᠢ ᠪᠠᠭᠰᠢ ᠶᠢᠨ ᠤᠳᠤᠷᠢᠳᠤᠯᠭ᠎ᠠ ᠳᠣᠣᠷ᠎ᠠ ᠵᠢᠩᠬᠢᠨᠢ ᠪᠠᠷ ᠡᠬᠢᠯᠡᠪᠡ᠃ ᠠᠬᠤᠢ ᠲᠠᠯᠠᠪᠤᠷ ᠨᠠᠮ ᠵᠢᠮ᠂ ᠰᠡᠳᠬᠢᠯ ᠵᠣᠷᠢᠭ ᠢ ᠡᠷᠴᠢᠯᠡᠨ ᠴᠢᠩᠭᠠᠯᠠᠬᠤ ︽ᠵᠢᠷᠤᠮ ᠤᠨ ᠴᠡᠷᠢᠭ ᠤᠨ ᠤᠷᠤᠭᠰᠢᠯᠠᠬᠤ ᠳᠠᠭᠤᠤ︾ ᠳᠤ ᠲᠠᠪᠤᠨ ᠣᠳᠣᠲᠣ ᠤᠯᠠᠭᠠᠨ ᠲᠤᠭ ᠠᠶᠠᠰ ᠤᠨ ᠰᠠᠯᠬᠢᠨ ᠳᠤ ᠨᠠᠮᠢᠷᠠᠨ ᠮᠠᠨᠳᠤᠵᠤ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠣᠭᠲᠠᠷᠭᠤᠢ ᠳᠤ ᠨᠠᠮᠢᠷᠠᠯᠠ᠃
ᠲᠤᠭ ᠮᠠᠨᠳᠤᠭᠤᠯᠬᠤ ᠶᠣᠰᠤᠯᠠᠯ ᠤᠨ ᠳᠠᠷᠠᠭ᠎ᠠ ᠰᠤᠷᠤᠭᠴᠢ ᠶᠢᠨ ᠲᠥᠯᠦᠭᠡᠯᠡᠭᠴᠢ ᠣᠷᠠᠨ᠎ᠠ ᠵᠡᠷᠭᠡ ᠨᠥᠬᠦᠳ ᠠᠴᠠ ︽ᠵᠠᠯᠠᠭᠤ ᠨᠠᠰᠤ ᠪᠠ ᠡᠭᠦᠷᠭᠡ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃
ᠲᠤᠭ ᠮᠠᠨᠳᠤᠭᠤᠯᠬᠤ ᠶᠣᠰᠤᠯᠠᠯ ᠪᠣᠯ ᠴᠢᠬᠤᠯᠠ ᠤᠯᠣᠰ ᠢᠶᠠᠨ ᠬᠠᠶᠢᠷᠠᠯᠠᠬᠤ ᠪᠠ ᠦᠵᠡᠯ ᠰᠠᠨᠠᠭ᠎ᠠ ᠶᠣᠰᠤ ᠮᠣᠷᠠᠯ ᠤᠨ ᠰᠤᠷᠭᠠᠨ ᠬᠦᠮᠦᠵᠢᠯ ᠮᠥᠨ᠂ ᠪᠢᠳᠡᠨ ᠢ ︽ᠦᠨᠡᠨ ᠢ ᠪᠠᠷᠢᠮᠲᠠᠯᠠᠨ ᠪᠤᠲᠠᠲᠠᠢ ᠶᠢ ᠡᠷᠬᠢᠮᠯᠡᠬᠦ︾ ᠰᠤᠷᠭᠠᠭᠤᠯᠢ ᠶᠢᠨ ᠰᠤᠷᠭᠠᠯ ᠢ ᠬᠥᠪᠴᠢᠯᠡᠭᠦᠯᠵᠦ᠂ ︽ᠦᠨᠡᠨ ᠢ ᠡᠷᠢᠯᠬᠢᠯᠡᠵᠦ ᠰᠢᠯᠢᠳᠡᠭ ᠭᠠᠷᠮᠠᠭᠠᠢ ᠶᠢ ᠬᠥᠭᠡᠭᠡᠴᠡᠯᠳᠦᠬᠦ︾ ᠰᠤᠷᠭᠠᠭᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠴᠢ ᠬᠦᠴᠦᠲᠡᠢ ᠵᠣᠷᠢᠭ ᠰᠠᠨᠠᠭ᠎ᠠ᠂ ᠰᠢᠷᠭᠠᠭᠤ ᠴᠢᠷᠮᠠᠶᠢᠯᠭ᠎ᠠ᠂ ᠵᠠᠯᠠᠭᠤ ᠨᠠᠰᠤᠨ ᠤ ᠬᠦᠭᠵᠢᠯ ᠢᠶᠠᠷ ᠬᠦᠰᠡᠯ ᠮᠥᠷᠦᠭᠡᠳᠦᠯ ᠢ ᠬᠦᠪᠴᠢᠯᠡᠵᠦ᠂ ᠦᠷᠢᠰᠦᠯᠳᠦᠭᠡᠨ ᠲᠡᠮᠡᠴᠡᠯᠳᠦᠭᠡᠨ ᠢ ᠣᠭᠲᠣᠵᠤ᠂ ᠰᠢᠨ᠎ᠡ ᠴᠠᠭ ᠦᠶ᠎ᠡ ᠶᠢᠨ ᠰᠢᠨ᠎ᠡ ᠬᠦᠮᠦᠨ ᠪᠣᠯᠵᠤ᠂ ᠢᠷᠡᠭᠡᠳᠦᠢ ᠶᠢ ᠪᠠᠷᠠᠯᠠᠬᠤ ᠶᠢ ᠵᠤᠷᠢᠭᠵᠢᠭᠤᠯᠵᠠᠢ᠃