
ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢ᠍ᠰᠦᠳᠦᠭᠡᠷ ᠬᠤᠭᠤᠴᠠᠭᠠᠨ ᠪᠦᠬᠦ ᠤᠯᠤᠰ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠡᠬᠢᠯᠡᠯᠲᠡ ᠶᠣᠰᠣᠯᠠᠯ ᠤᠨ ᠦᠪᠡᠳᠡᠭᠰᠢ ᠪᠠᠢᠳᠠᠯ ᠢ ᠦᠵᠡᠵᠡᠢ

ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢ᠍ᠰᠦᠳᠦᠭᠡᠷ ᠬᠤᠭᠤᠴᠠᠭᠠᠨ ᠤ ᠪᠥᠬᠥ ᠤᠯᠤᠰ ᠤᠨ ᠲᠥᠯᠥᠭᠡᠯᠡᠭᠴᠢᠳ ᠤᠨ ᠬᠤᠷᠠᠯ ᠨᠢ ᠪᠡᠭᠡᠵᠢᠩ ᠳ᠋ᠡᠬᠢ ᠠᠷᠠᠳ ᠤᠨ ᠶᠡᠬᠡ ᠬᠤᠷᠠᠯ ᠤᠨ ᠲᠠᠩᠬᠢᠮ ᠳ᠋ᠤ ᠦᠪᠡᠲᠡᠭᠰᠢ ᠶᠡᠬᠡ ᠪᠡᠷ ᠬᠤᠷᠠᠯᠳᠤᠪᠠ᠃ ᠳᠡᠭᠡᠳᠦ ᠰᠤᠷᠭᠠᠭᠤᠯᠢ ᠶᠢᠨ ᠱᠦ᠋ᠵᠢ ᠡᠴᠡ ᠪᠠᠭᠰᠢ ᠠᠵᠢᠯᠲᠠᠨ ᠨᠠᠷ ᠢᠶᠡᠨ ᠵᠤᠬᠢᠶᠠᠨ ᠪᠠᠢᠭᠤᠯᠤᠨ ᠦᠪᠡᠲᠡᠭᠰᠢ ᠪᠠᠢᠳᠠᠯ ᠢ ᠦᠵᠡᠵᠡᠢ᠃

ᠨᠠᠮ ᠤᠨ ᠠᠷᠪᠠ ᠶᠢ᠍ᠰᠦᠳᠦᠭᠡᠷ ᠬᠤᠷᠠᠯ ᠨᠢ ᠴᠢᠨᠡᠭᠡᠯᠢᠭ ᠨᠡᠢᠭᠡᠮ ᠪᠦᠬᠦ ᠲᠠᠯ᠎ᠠ ᠪᠡᠷ ᠪᠠᠢᠭᠤᠯᠬᠤ ᠰᠢᠢᠳᠪᠦᠷᠢᠲᠤ ᠱᠠᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠬᠦᠭᠵᠢᠯᠲᠡ ᠶᠢᠨ ᠵᠠᠩᠭᠢᠯᠠᠭ᠎ᠠ ᠶᠢᠨ ᠦᠶ᠎ᠡ ᠳ᠋ᠦ ᠬᠤᠷᠠᠯᠳᠤᠭᠰᠠᠨ ᠴᠢᠬᠤᠯᠠ ᠬᠤᠷᠠᠯ ᠶᠤᠮ᠃ ᠪᠦᠬᠦ ᠨᠠᠮ᠂ ᠪᠦᠬᠦ ᠴᠡᠷᠢᠭ᠂ ᠪᠦᠬᠦ ᠤᠯᠤᠰ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠤᠯᠤᠰ ᠲᠦᠷᠥ ᠶᠢᠨ ᠠᠮᠢᠳᠤᠷᠠᠯ ᠤᠨ ᠴᠢᠬᠤᠯᠠ ᠤᠴᠢᠷᠶᠤᠮ᠃

ᠪᠠᠭᠰᠢᠨᠠᠷ ᠲᠡᠮᠳᠡᠭᠯᠡᠯ ᠬᠢᠬᠦ ᠶᠢᠨ ᠳᠠᠭᠠᠤ ᠦᠪᠡᠷ ᠤᠨ ᠲᠤᠬᠠᠢᠯᠠᠭᠰᠠᠨ ᠠᠵᠢᠯ᠂ ᠡᠷᠳᠡᠮ ᠰᠢᠨᠵᠢᠯᠡᠭᠡ ᠲᠠᠢ ᠬᠤᠯᠪᠤᠭᠳᠠᠭᠰᠠᠨ ᠠᠭᠤᠯᠭ᠎ᠠ ᠶᠢ ᠢᠳᠡᠪᠬᠢᠲᠡᠢ ᠶᠠᠷᠢᠯᠴᠠᠨ᠂ ᠪᠤᠳᠤᠭᠰᠠᠨ ᠰᠠᠨᠠᠭᠰᠠᠨ ᠢᠶᠡᠨ ᠰᠣᠯᠢᠯᠴᠠᠵᠠᠢ᠃

 