
ᠤᠭᠰᠠᠭᠠᠲᠠᠨ ᠵᠦᠢ ᠨᠡᠢᠭᠡᠮ ᠵᠦᠢ ᠶᠢᠨ ᠳᠡᠭᠡᠳᠦ ᠰᠤᠷᠭᠠᠭᠤᠯᠢ ᠨᠢ ᠪᠠᠭᠰᠢ ᠠᠵᠢᠯᠲᠠᠨ ᠤ ᠬᠤᠷᠠᠯ ᠬᠢᠪᠡ

2008 ᠣᠨ ᠤ4 ᠰᠠᠷ᠎ᠠ ᠶᠢᠨ4 ᠤ ᠡᠳᠦᠷ ᠤᠨ ᠦᠳᠠ ᠶᠢᠨ ᠬᠤᠢᠨ᠎ᠠ ᠶᠢᠨ ᠭᠤᠷᠪᠠᠨ ᠴᠠᠭ ᠲᠤ ᠳᠡᠭᠡᠳᠦ ᠰᠤᠷᠭᠠᠭᠤᠯᠢ ᠶᠢᠨ ᠬᠤᠷᠠᠯ ᠤᠨ ᠭᠡᠷ ᠲᠤ ᠪᠠᠭᠰᠢ ᠠᠵᠢᠯᠲᠠᠨ ᠤ ᠬᠤᠷᠠᠯ ᠢ ᠬᠤᠷᠠᠯᠳᠠᠭᠤᠯᠪᠠ᠃ ᠲᠤᠰ ᠤᠳᠠᠭᠠᠨ ᠤ ᠬᠤᠷᠠᠯ ᠢ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠵᠢᠶᠦ᠋ᠨ ᠯᠢᠩ ᠨᠦᠬᠦᠷ ᠡᠷᠬᠢᠯᠡᠨ ᠶᠠᠪᠤᠭᠳᠠᠭᠤᠯᠵᠠᠢ᠃

ᠬᠤᠷᠠᠯ ᠤᠨ ᠨᠢᠭᠡᠳᠦᠭᠡᠷ ᠲᠤ᠂ ᠸᠠᠩ ᠵᠢᠶᠦ᠋ᠨ ᠯᠢᠩ ᠨᠥᠬᠥᠷ ᠲᠦᠪ ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠶᠢᠨ ᠱᠦ᠋ᠵᠢ ᠵᠣᠣ ᠯᠧ ᠵᠢᠢ ᠨᠦᠬᠦᠷ ᠤᠨ ᠳᠤᠮᠳᠠᠳᠤ ᠤᠯᠤᠰ ᠤᠨ ᠡᠪ ᠬᠠᠮᠲᠤ ᠶᠢᠨ ᠠᠷᠪᠠ ᠶᠢ᠍ᠰᠦᠳᠦᠭᠡᠷ ᠬᠤᠭᠤᠴᠠᠭᠠᠨ ᠤ ᠬᠤᠶᠠᠳᠤᠭᠠᠷ ᠪᠥᠭᠥᠳᠡ ᠬᠤᠷᠠᠯ ᠳ᠋ᠤ ᠬᠢᠭᠰᠡᠨ:《 ᠰᠢ ᠵᠢᠨ ᠫᠢᠩ ᠨᠦᠬᠦᠷ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠤᠨ ᠵᠤᠷᠢᠭ ᠰᠠᠨᠠᠭ᠎ᠠ ᠪᠡᠷ ᠵᠢᠯᠤᠭᠤᠳᠤᠯᠭᠠ᠎ ᠪᠣᠯᠭᠠᠨ᠂ ᠨᠠᠮ ᠤᠨ ᠠᠷᠪᠪᠠ ᠶᠢ᠍ᠰᠦᠳᠦᠭᠡᠷ ᠶᠡᠬᠡ ᠬᠤᠷᠠᠯ ᠤᠨ ᠪᠦᠬᠦ ᠲᠠᠯ᠎ᠠ ᠪᠡᠷ ᠨᠠᠮ ᠢ ᠵᠠᠰᠠᠬᠤ ᠠᠵᠢᠯ ᠢ ᠭᠤᠢᠪᠠᠰᠢ ᠦᠭᠡᠢ ᠪᠡᠷ ᠭᠦᠨ ᠲᠡᠰᠢ ᠭᠦᠭᠵᠢᠭᠦᠯᠦᠨ᠎ᠡ》 ᠬᠡᠮᠡᠬᠦ ᠶᠠᠷᠢᠶ᠎ᠠ ᠶᠢ ᠳᠠᠭᠠᠭᠤᠯᠤᠨ ᠰᠤᠷᠤᠯᠴᠠᠵᠠᠢ᠃

ᠬᠤᠷᠠᠯ ᠤᠨ ᠬᠤᠶᠠᠳᠤᠭᠠᠷ ᠲᠤ᠂ ᠸᠠᠩ ᠵᠢᠶᠦ᠋ᠨ ᠯᠢᠩ ᠨᠥᠬᠥᠷ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠠᠭ᠎ᠠ᠎ ᠪᠠᠲᠤ ᠪᠠᠢᠴᠠᠭᠠᠬᠤ ᠬᠤᠷᠢᠶᠠᠨ ᠤ ᠱᠦᠵᠢ ᠯᠢᠦ ᠴᠢ ᠹᠠᠨ ᠨᠦᠬᠦᠷ ᠤᠨ ᠥᠪᠥᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠰᠠᠬᠢᠯᠠᠭ᠎ᠠ ᠪᠠᠲᠤ ᠪᠠᠢᠴᠠᠭᠠᠬᠤ ᠬᠤᠷᠢᠶᠠᠨ ᠤ ᠳᠦᠷᠪᠡᠳᠦᠭᠡᠷ ᠤᠳᠠᠭᠠᠨ ᠤ ᠪᠦᠬᠦᠳᠠ ᠬᠤᠷᠠᠯ ᠳ᠋ᠤ ᠬᠢᠭᠰᠡᠨ:《 ᠤᠭ ᠰᠠᠨᠠᠭ᠎ᠠ ᠪᠡᠨ ᠮᠠᠷᠳᠠᠯ ᠦᠭᠡᠢ᠂ ᠡᠭᠦᠷᠭᠡ ᠬᠠᠷᠢᠭᠤᠴᠠᠯᠭ᠎ᠠ ᠪᠡᠨ ᠪᠠᠲᠤ ᠴᠡᠭᠡᠵᠢᠯᠡᠵᠦ᠂ ᠡᠭᠦᠷᠭᠡ ᠪᠡᠨ ᠭᠦᠢᠴᠡᠳᠬᠡᠵᠦ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠢᠪᠠᠰᠢ ᠦᠭᠡᠢ ᠪᠡᠷ ᠪᠦᠬᠦ ᠲᠠᠯ᠎ᠠ ᠪᠡᠷ ᠨᠠᠮ ᠢ ᠵᠠᠰᠠᠬᠤ ᠠᠵᠢᠯ ᠢ ᠭᠦᠨᠵᠡᠭᠡᠢᠷᠡᠭᠦᠯᠦᠨ ᠬᠦᠭᠵᠢᠭᠦᠯᠬᠦ ᠶᠢ ᠲᠦᠯᠬᠢᠨ ᠠᠬᠢᠭᠤᠯᠤᠨ᠎ᠠ》 ᠬᠡᠮᠡᠬᠦ ᠠᠵᠢᠯ ᠤᠨ ᠮᠡᠳᠡᠭᠦᠯᠦᠯᠲᠡ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃

ᠬᠤᠷᠠᠯ ᠤᠨ ᠭᠤᠷᠪᠠᠳᠤᠭᠠᠷ ᠲᠤ᠂ ᠸᠠᠩ ᠵᠢᠶᠦ᠋ᠨ ᠯᠢᠩ ᠨᠦᠭᠦᠷ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠶᠢᠨ《2018 ᠣᠨ ᠳ᠋ᠤ ᠬᠡᠯᠪᠡᠷᠢ ᠶᠢᠨ ᠦᠵᠡᠯ᠂ ᠨᠣᠶᠠᠨᠴᠢ ᠦᠵᠡᠯ ᠤᠨ ᠠᠷᠪᠠᠨ ᠢᠯᠡᠷᠡᠯ ᠪᠤᠯᠤᠨ ᠰᠤᠷᠭᠠᠨ ᠬᠦᠮᠦᠵᠢᠯ ᠤᠨ ᠶᠠᠳᠠᠭᠤ ᠶᠢ ᠳᠡᠳᠬᠦᠬᠦ ᠬᠦᠷᠢᠶᠡ᠎ ᠬᠡᠪᠴᠢᠶᠡᠨ ᠤ ᠢᠯᠵᠠᠷᠠᠯ ᠤᠨ ᠠᠰᠠᠭᠤᠳᠠᠯ ᠢ ᠲᠦᠪᠯᠡᠷᠡᠭᠦᠯᠦᠨ ᠵᠠᠰᠠᠬᠤ ᠠᠵᠢᠯ ᠤᠨ ᠮᠡᠳᠡᠭᠳᠡᠯ》 ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠪᠤᠳᠠᠳᠠᠢ ᠱᠠᠭᠠᠷᠳᠠᠯᠭ᠎ᠠ ᠳᠤᠷᠠᠳᠴᠠᠢ᠃

ᠬᠤᠷᠠᠯ ᠤᠨ ᠳᠦᠷᠪᠡᠳᠦᠭᠡᠷ ᠲᠤ᠂ ᠸᠠᠩ ᠵᠢᠶᠦ᠋ᠨ ᠯᠢᠩ ᠨᠦᠬᠦᠷ ᠰᠤᠷᠭᠠᠭᠤᠯᠢ ᠶᠢᠨ《 ᠬᠡᠯᠪᠡᠷᠢ ᠶᠢᠨ ᠦᠵᠡᠯ᠂ ᠨᠣᠶᠠᠨᠴᠢ ᠦᠵᠡᠯ ᠤᠨ ᠠᠷᠪᠠᠨ ᠢᠯᠡᠷᠡᠯ ᠪᠤᠯᠤᠨ ᠰᠤᠷᠭᠠᠨ ᠬᠦᠮᠦᠵᠢᠯ ᠤᠨ ᠶᠠᠳᠠᠭᠤ ᠶᠢ ᠳᠡᠳᠬᠦᠬᠦ ᠬᠦᠷᠢᠶᠡ᠎ ᠬᠡᠪᠴᠢᠶᠡᠨ ᠤ ᠢᠯᠵᠠᠷᠠᠯ ᠤᠨ ᠠᠰᠠᠭᠤᠳᠠᠯ ᠢ ᠲᠦᠪᠯᠡᠷᠡᠭᠦᠯᠦᠨ ᠵᠠᠰᠠᠬᠤ ᠠᠵᠢᠯ ᠤᠨ ᠪᠠᠢᠷᠢᠯᠠᠭᠤᠯᠤᠯᠲᠠ ᠶᠢᠨ ᠬᠤᠷᠠᠯ》 ᠤᠨ ᠵᠤᠷᠢᠭ ᠰᠠᠨᠠᠭ᠎ᠠ ᠶᠢ ᠤᠯᠠᠮᠵᠢᠯᠠᠵᠠᠢ᠃

ᠬᠤᠷᠠᠯ ᠤᠨ ᠲᠠᠪᠤᠳᠤᠭᠠᠷ ᠲᠤ᠂ ᠸᠠᠩ ᠵᠢᠶᠦ᠋ᠨ ᠯᠢᠩ ᠨᠦᠬᠦᠷ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠬᠡᠪᠯᠡᠨ ᠲᠠᠷᠬᠠᠭᠠᠭᠰᠠᠨ《 ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ》 ᠢ ᠳᠠᠭᠠᠭᠤᠯᠤᠨ ᠰᠤᠷᠤᠯᠴᠠᠵᠤ᠂ ᠪᠦᠬᠦ ᠪᠠᠭᠰᠢ ᠨᠠᠷ ᠢ ᠡᠭᠦᠷᠭᠡ ᠬᠠᠷᠢᠭᠤᠴᠠᠯᠭ᠎ᠠ ᠪᠡᠨ ᠪᠡᠶᠡᠯᠡᠭᠦᠯᠵᠦ᠂ ᠠᠵᠢᠯ ᠤᠨ ᠪᠠᠢᠷᠢ ᠳ᠋ᠤ ᠪᠡᠨ ᠭᠠᠪᠱᠠᠭᠠᠢᠯᠠᠬᠤ ᠶᠢ ᠱᠠᠭᠠᠷᠳᠠᠵᠠᠢ᠃

ᠬᠤᠷᠠᠯ ᠤᠨ ᠵᠢᠷᠭᠤᠳᠤᠭᠠᠷ ᠲᠤ᠂ ᠸᠠᠩ ᠵᠢᠶᠦ᠋ᠨ ᠯᠢᠩ ᠨᠦᠬᠦᠷ ᠡᠴᠡ ᠰᠤᠷᠭᠠᠭᠤᠯᠢ ᠶᠢᠨ ᠠᠮᠦᠷ ᠲᠦᠪᠰᠢᠨ ᠠᠮᠤᠷ ᠲᠤᠭᠲᠠᠭᠤᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠪᠠᠭᠰᠢ ᠰᠤᠷᠤᠭᠴᠢ ᠶᠢᠨ ᠴᠢᠯᠦᠭᠡ ᠭᠤᠶᠤᠬᠤ ᠳᠦᠷᠢᠮ ᠢ ᠰᠠᠢᠲᠤᠷ ᠬᠡᠷᠡᠭᠵᠢᠭᠦᠯᠦᠨ᠂ ᠰᠤᠷᠤᠭᠴᠢ ᠶᠢᠨ ᠠᠮᠤᠷ ᠲᠦᠪᠰᠢᠨ ᠢ ᠠᠩᠬᠠᠷᠬᠤ ᠶᠢ ᠱᠠᠭᠠᠷᠳᠠᠨ᠂ ᠤᠨᠴᠠᠭᠠᠢᠯᠠᠨ ᠲᠤᠷᠰᠢᠯᠲᠠ᠂ ᠪᠠᠢᠴᠠᠭᠠᠯᠲᠠ᠂ ᠴᠢᠯᠦᠭᠡᠨ ᠤ ᠠᠮᠠᠷᠠᠯᠲᠠ ᠶᠢᠨ ᠦᠶ᠎ᠡ ᠶᠢᠨ ᠠᠮᠤᠷ ᠲᠦᠪᠰᠢᠨ ᠢ ᠠᠩᠬᠠᠷᠬᠤ ᠶᠢ ᠴᠢᠬᠤᠯᠴᠢᠯᠠᠵᠠᠢ᠃ ᠠᠩᠬᠢ ᠶᠢᠨ ᠪᠠᠭᠰᠢ ᠨᠠᠷ ᠰᠤᠷᠤᠭᠴᠢ ᠶᠢᠨ ᠢᠶᠡᠨ ᠦᠵᠡᠯ ᠰᠠᠨᠠᠭ᠎ᠠ᠂ ᠰᠡᠳᠬᠢᠴᠡ ᠶᠢᠨ ᠪᠠᠢᠳᠠᠯ ᠢ ᠴᠠᠭ ᠢᠮᠠᠭᠲᠠ ᠠᠩᠬᠠᠷᠴᠤ᠂ ᠤᠨᠴᠭᠠᠢ ᠪᠠᠢᠳᠠᠯ ᠲᠠᠢ ᠪᠤᠯ ᠳᠡᠭᠡᠳᠦ ᠰᠤᠷᠭᠠᠭᠤᠯᠢ ᠳ᠋ᠤ ᠮᠡᠳᠡᠭᠦᠯᠬᠦ ᠶᠢ ᠱᠠᠭᠠᠷᠳᠠᠵᠠᠢ᠃

ᠬᠤᠷᠠᠯ ᠤᠨ ᠳᠤᠯᠤᠳᠤᠭᠠᠷ ᠲᠤ᠂ ᠰᠦᠩ ᠶᠤᠸᠠᠢ ᠹᠧᠢ ᠨᠦᠬᠦᠷ ᠡᠴᠡ ᠦᠵᠡᠯ ᠤᠬᠠᠮᠰᠠᠷ ᠤᠨ ᠬᠡᠺᠯᠪᠡᠷᠢ ᠶᠢᠨ ᠬᠠᠷᠢᠭᠤᠴᠠᠯᠭ᠎ᠠ ᠶᠢᠨ ᠳᠦᠷᠢᠮ᠂ ᠬᠢᠴᠢᠶᠡᠯ ᠤᠨ ᠲᠠᠩᠬᠢᠮ ᠤᠨ ᠬᠠᠷᠢᠭᠤᠴᠠᠯᠭᠠ᠎ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠳᠤᠷᠠᠳᠴᠠᠢ᠃

ᠬᠤᠷᠠᠯ ᠤᠨ ᠠᠬᠤᠢ ᠲᠠᠯᠠᠪᠠᠢ

ᠸᠠᠩ ᠵᠢᠶᠦ᠋ᠨ ᠯᠢᠩ ᠱᠦᠵᠢ ᠶᠠᠷᠢᠶ᠎ᠠ ᠲᠠᠯᠪᠢᠵᠤ ᠪᠠᠢᠭ᠎ᠠ ᠨᠢ

ᠰᠦᠩ ᠶᠤᠸᠠᠢ ᠹᠧᠢ ᠨᠦᠬᠦᠷ ᠶᠠᠷᠢᠶ᠎ᠠ ᠲᠠᠯᠪᠢᠵᠤ ᠪᠠᠢᠭ᠎ᠠ ᠨᠢ

 