
ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠤᠷᠭᠠᠭᠤᠯᠢ ᠶᠢᠨ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠤᠯ ᠰᠡᠳᠤᠪᠲᠤ ᠰᠣᠷᠭᠠᠨ ᠬᠦᠮᠦᠵᠢᠯ ᠤᠨ ︽ᠡᠭᠦᠲᠠ ᠪᠠᠨ ᠨᠡᠭᠡᠭᠡᠵᠦ᠂ ᠢᠳᠬᠠᠯ ᠬᠦᠯᠢᠶᠡᠬᠦ︾ ᠠᠵᠢᠯ ᠤᠨ ᠲᠤᠬᠠᠢ ᠮᠡᠳᠡᠭᠳᠡᠯ

ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠲᠤᠬᠢᠷᠠᠭᠤᠯᠤᠯᠲᠠ ᠪᠠᠷ᠂ ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠤᠷᠭᠠᠭᠤᠯᠢ ᠶᠢᠨ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠤᠯ ᠰᠡᠳᠦᠪᠲᠤ ᠰᠣᠷᠭᠠᠨ ᠬᠦᠮᠦᠵᠢᠯ ᠨᠢ 2019 ᠤᠨ ᠤ 9 ᠰᠠᠷ᠎ᠠ ᠶᠢᠨ 20 ᠤ ᠡᠳᠦᠷ ᠵᠢᠩᠬᠢᠨᠢ ᠪᠠᠷ ᠡᠬᠢᠯᠡᠵᠡᠢ᠃ ᠡᠭᠦᠳᠡ ᠪᠠᠨ ᠨᠡᠭᠡᠭᠡᠵᠦ ᠰᠤᠷᠭᠠᠨ ᠬᠦᠮᠦᠵᠢᠯ ᠬᠢᠬᠦ ᠶᠢ ᠪᠠᠷᠢᠮᠲᠠᠯᠠᠨ᠂ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠪᠠᠶᠢᠴᠠᠭᠠᠨ‌‍ᠰᠤᠳᠤᠯᠤᠯᠲᠠ ᠬᠢᠵᠤ᠂ ᠠᠰᠠᠭᠤᠳᠠᠯ ᠢ ᠪᠠᠶᠢᠴᠠᠭᠠᠨ ᠦᠵᠡᠵᠤ᠂ ᠴᠡᠭᠴᠡᠯᠡᠨ ᠦᠭᠡᠷᠡᠴᠢᠯᠡᠵᠤ ᠨᠠᠶᠢᠳᠠᠪᠤᠷᠢᠵᠢᠭᠤᠯᠬᠤ ᠶᠢ ᠢᠮᠠᠭᠲᠠ ᠲᠤᠭᠤᠰᠢᠯᠠᠭᠤᠯᠤᠨ᠂ ᠭᠤᠤᠯ ᠰᠡᠳᠤᠪᠲᠤ ᠰᠣᠷᠭᠠᠨ ᠬᠦᠮᠦᠵᠢᠯ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠦᠯᠦᠭᠡ᠂ ᠲᠡᠭᠡᠲᠤ ᠰᠤᠷᠭᠠᠭᠤᠯᠢ ᠶᠢᠨ ᠨᠠᠮ ᠤᠨ ᠡᠭᠦᠷ ᠤᠨ ᠵᠥᠪᠯᠡᠯ ᠲᠤᠰ ᠡᠳᠦᠷ ᠠᠴᠠ ᠡᠬᠢᠯᠡᠨ 2019 ᠤᠨ ᠤ11ᠰᠠᠷ᠎ᠠ ᠶᠢᠨ 30 ᠤ ᠡᠳᠦᠷ ᠪᠤᠯᠲᠠᠯ᠎ᠠ᠂ ᠪᠦᠬᠦ ᠲᠡᠭᠡᠲᠤ ᠰᠤᠷᠭᠠᠭᠤᠯᠢ ᠶᠢᠨ ᠬᠡᠪᠴᠢᠶᠡᠨ ᠳᠤ ︽ᠡᠭᠦᠳᠡ ᠪᠠᠨ ᠨᠡᠭᠡᠭᠡᠵᠦ᠂ ᠢᠳᠬᠠᠯ ᠬᠦᠯᠢᠶᠡᠬᠦ︾ ᠠᠵᠢᠯ ᠢ ᠶᠠᠪᠤᠭᠳᠠᠭᠤᠯᠬᠤ ᠪᠠᠷ ᠲᠤᠭᠳᠠᠵᠤ᠂ ᠦᠷᠭᠡᠨ ᠢᠶᠠᠷ ᠶᠠᠷᠢᠯᠴᠠᠵᠤ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠤ᠂ ᠦᠨᠡᠨ ᠰᠡᠳᠬᠢᠯ ᠠᠴᠠ ᠦᠷᠭᠡᠨ ᠤᠯᠠᠨ ᠪᠠᠭᠰᠢ ᠰᠣᠷᠣᠭᠴᠢᠳ ᠤᠨ ᠲᠡᠭᠡᠲᠤ ᠰᠤᠷᠭᠠᠭᠤᠯᠢ ᠶᠢᠨ ᠠᠵᠢᠯ ᠤᠨ ᠬᠦᠭᠵᠢᠯᠲᠡ᠂ ᠨᠠᠮ ᠤᠨ ᠪᠠᠶᠢᠭᠤᠯᠤᠯᠲᠠ ᠶᠢᠨ ᠦᠵᠡᠯ ᠰᠠᠨᠠᠭ᠎ᠠ᠂ ᠰᠢᠨᠵᠢᠯᠡᠭᠡᠨ ᠤ ᠰᠠᠯᠪᠣᠷᠢ ᠶᠢᠨ ᠪᠠᠶᠢᠭᠤᠯᠤᠯᠲᠠ᠂ ᠰᠣᠷᠣᠯᠴᠠᠬᠤ ᠰᠤᠷᠲᠠᠯ ᠤᠨ ᠪᠠᠶᠢᠭᠤᠯᠤᠯᠲᠠ᠂ ᠪᠠᠭᠰᠢ ᠰᠤᠷᠤᠭᠴᠢ ᠶᠢᠨ ᠠᠩᠬᠠᠷᠴᠤ ᠪᠠᠶᠢᠭ᠎ᠠ ᠬᠠᠯᠠᠭᠤᠨ ᠴᠡᠭ ᠲᠦᠪᠡᠭ ᠲᠠᠢ ᠠᠰᠠᠭᠤᠳᠠᠯ᠂ ᠠᠵᠢᠯ ᠤᠨ ᠰᠤᠷᠲᠠᠯ ᠵᠡᠷᠭᠡ ᠡᠯ᠎ᠡ ᠲᠠᠯ᠎ᠠ ᠶᠢᠨ ᠰᠠᠨᠠᠯ ᠢ ᠬᠦᠯᠢᠶᠡᠨ ᠰᠣᠨᠣᠰᠣᠨ᠎ᠠ᠃ ᠤᠭᠰᠠᠭᠠᠲᠠᠨ ᠵᠦᠢ ᠨᠡᠶᠢᠭᠡᠮ ᠵᠦᠢ ᠶᠢᠨ ᠲᠡᠭᠡᠲᠤ ᠰᠤᠷᠭᠠᠭᠤᠯᠢ ᠶᠢᠨ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠤᠯ ᠰᠡᠳᠦᠪᠲᠤ ᠰᠤᠷᠭᠠᠨ ᠬᠦᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠬᠤᠷᠢᠶᠠᠨ ᠴᠤᠭᠯᠠᠭᠤᠯᠤᠭᠰᠠᠨ ᠠᠰᠠᠭᠤᠳᠠᠯ ᠰᠠᠨᠠᠯ ᠢ ᠳᠤᠭᠲᠠᠭᠠᠯ ᠶᠤᠰᠤᠭᠠᠷ ᠨᠠᠷᠢᠨ ᠬᠢᠨᠠᠮᠠᠭᠠᠢ ᠰᠤᠳᠤᠯᠤᠨ ᠭᠦᠢᠴᠡᠳᠬᠡᠵᠦ᠂ ᠴᠡᠭᠴᠡᠯᠡᠨ ᠦᠭᠡᠷᠡᠴᠢᠯᠡᠵᠦ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃

ᠰᠠᠨᠠᠯ ᠬᠤᠷᠢᠶᠠᠬᠤ ᠠᠷᠭ᠎ᠠ ᠵᠠᠮ᠄

1᠂ ᠲᠣᠰᠬᠠᠢ ᠤᠲᠠᠰᠤ᠄ 4996356 ︵ᠭᠠᠷᠠᠭ ᠤᠨ ᠨᠢᠭᠡᠨ — ᠭᠠᠷᠠᠭ ᠤᠨ ᠲᠠᠪᠤᠨ᠂ ᠦᠳᠡ ᠶᠢᠨ ᠡᠮᠦᠨ᠎ᠡ 8:00 —12:00᠂ ᠦᠳᠡ ᠶᠢᠨ ᠬᠤᠶᠢᠨ᠎ᠠ 2:30 —5:30︶

2᠂ ᠢᠮᠧᠯ᠄ mzxyshxxy@163.com

3᠂ ᠰᠠᠨᠠᠯ ᠬᠤᠷᠢᠶᠠᠬᠤ ᠬᠠᠶᠢᠷᠴᠠᠭ᠄ ᠤᠮᠠᠷᠠᠲᠤ ᠲᠤᠭᠤᠷᠢᠭ ᠤᠨ ᠭᠤᠤᠯ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠵᠡᠭᠦᠨ ᠲᠠᠯ᠎ᠠ

ᠤᠭᠰᠠᠭᠠᠲᠠᠨ ᠵᠦᠢ ᠨᠡᠶᠢᠭᠡᠮ ᠵᠦᠢ ᠶᠢᠨ ᠳᠡᠭᠡᠲᠤ ᠰᠤᠷᠭᠠᠭᠤᠯᠢ ᠶᠢᠨ ᠭᠤᠤᠯ ᠰᠡᠳᠤᠪᠲᠤ ᠰᠤᠷᠭᠠᠨ ᠬᠦᠮᠦᠵᠢᠯ ᠤᠨ ᠤᠳᠤᠷᠢᠳᠬᠤ ᠳᠤᠭᠤᠶᠢᠯᠠᠩ ᠤᠨ

ᠠᠯᠪᠠᠨ ᠭᠡᠷ

2019 ᠤᠨ ᠤ 9 ᠰᠠᠷ᠎ᠠ ᠶᠢᠨ 25

 